ᠲᠤᠰ ᠲᠥᠷᠥᠯ ᠤᠨ ᠨᠡᠮᠡᠭᠦᠷᠢ ᠶᠢᠨ ᠪᠠᠷᠢᠮᠵᠢᠶ᠎ᠠ ᠶᠢ ᠬᠠᠮᠤᠭ ᠠᠷᠪᠢᠨ ᠳᠤ ᠪᠠᠨ 12 ᠲᠦᠮᠡ ᠳᠤ ᠬᠦᠷᠦᠭᠦᠯᠦᠨ᠎ᠡ︕
ᠨᠡᠶᠢᠲᠡᠯᠡᠭᠰᠡᠨ ᠴᠠᠭ᠄
2025/5/28
    ᠰᠢᠨᠬᠤᠸᠠ ᠰᠦᠯᠵᠢᠶᠡᠨ ᠤ 22᠎ ᠤᠨ ᠡᠳᠦᠷ ᠤᠨ ᠮᠡᠳᠡᠭᠡᠯᠡᠭᠰᠡᠨ ᠢᠶᠠᠷ᠂ ᠥᠪᠥᠷ ᠮᠣᠩᠭᠤᠯ ᠡᠳ᠋ ᠤᠨ ᠵᠠᠰᠠᠭ ᠤᠨ ᠨᠡᠮᠡᠭᠦᠷᠢ ᠪᠠᠷ ᠳᠠᠮᠵᠢᠭᠤᠯᠤᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠨᠡᠮᠡᠭᠦᠷᠢ ᠣᠯᠭᠤᠬᠤ ᠡᠲᠡᠭᠡᠳ ᠨᠢ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠪᠠ ᠴᠠᠬᠢᠯᠭᠠᠨ ᠲᠡᠷᠭᠡᠨ ᠤ ᠵᠠᠮ ᠱᠤᠭᠤᠮ ᠤᠨ ᠲᠡᠭᠡᠭᠡᠪᠦᠷᠢ ᠶᠢᠨ ᠡᠵᠡᠩᠨᠡᠯᠲᠡ ᠶᠢᠨ ᠡᠷᠬᠡ ᠶᠢ ᠬᠠᠤᠯᠢ ᠶᠣᠰᠣᠭᠠᠷ ᠣᠯᠤᠭᠰᠠᠨ ᠠᠵᠤ ᠠᠬᠤᠶᠢᠯᠠᠯ ᠪᠠᠶᠢᠵᠤ᠂ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠦᠰᠭᠡ ᠨᠢ ᠡᠷᠬᠡᠪᠰᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠭᠤᠷᠪᠠᠨ ᠶᠡᠭᠡ ᠰᠢᠨ᠎ᠡ ᠡᠨᠧᠷᠭᠢ ᠶᠢᠨ ᠲᠡᠷᠭᠡᠨ ᠤ ᠬᠡᠯᠪᠡᠷᠢ ᠳᠤ ᠵᠢᠭᠰᠠᠭᠠᠭᠳᠠᠭᠰᠠᠨ ᠭᠠᠷᠴᠠᠭ ᠲᠤ ᠪᠠᠶᠢᠬᠤ ᠪᠠᠷ ᠪᠠᠷᠠᠬᠤ ᠦᠭᠡᠢ ᠬᠡᠷᠡᠭᠯᠡᠯᠲᠡ ᠶᠢᠨ ᠰᠢᠨᠵᠢ ᠴᠢᠨᠠᠷ ᠨᠢ       ︽ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ︾᠎ ᠪᠠᠷ ᠳᠠᠩᠰᠠᠯᠠᠭᠤᠯᠤᠨ ᠲᠡᠮᠳᠡᠭᠯᠡᠭᠦᠯᠦᠭᠰᠡᠨ ᠪᠠᠶᠢᠬᠤ ᠬᠡᠷᠡᠭᠲᠡᠢ ᠭᠡᠵᠦ ᠲᠤᠳᠤᠷᠬᠠᠶᠢᠯᠠᠪᠠ᠃ ᠨᠡᠮᠡᠭᠦᠷᠢ ᠶᠢᠨ ᠰᠠᠭᠤᠷᠢ ᠪᠠᠷᠢᠮᠵᠢᠶ᠎ᠠ ᠨᠢ ᠰᠢᠨ᠎ᠡ ᠡᠨᠧᠷᠬᠢ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠨᠢᠭᠡ ᠪᠦᠷᠢ ᠳᠤ 11 ᠲᠦᠮᠡᠨ ᠲᠦᠭᠦᠷᠢᠭ ᠤᠨ ᠨᠡᠮᠡᠭᠦᠷᠢ ᠣᠯᠭᠤᠵᠤ᠂ ᠱᠠᠯᠠ ᠨᠢ ᠳᠣᠣᠷ᠎ᠠ ᠵᠢᠴᠢ ᠡᠭᠦᠳᠡᠨ ᠬᠢᠰᠬᠢᠭᠦᠷ ᠨᠢ ᠳᠣᠣᠷ᠎ᠠ ᠪᠠᠶᠢᠬᠤ ᠰᠢᠨ᠎ᠡ ᠡᠨᠧᠷᠬᠢ ᠶᠢᠨ ᠬᠤᠲᠠ ᠳᠤ ᠬᠡᠷᠡᠭᠯᠡᠬᠦ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠨᠢᠭᠡ ᠪᠦᠷᠢ ᠶᠢ ᠰᠢᠨᠡᠳᠬᠡᠬᠦ ᠳᠤ ᠳᠠᠬᠢᠨ 1 ᠲᠦᠮᠡᠨ ᠲᠦᠭᠦᠷᠢᠭ ᠤᠨ ᠨᠡᠮᠡᠭᠦᠷᠢ ᠣᠯᠭᠤᠵᠤ᠂ ᠲᠡᠷᠭᠡ ᠪᠦᠷᠢ ᠳᠤ ᠬᠠᠮᠤᠭ ᠤᠨ ᠠᠷᠪᠢᠨ ᠳᠤ ᠪᠠᠨ 12 ᠲᠦᠮᠡᠨ ᠲᠦᠭᠦᠷᠢᠭ ᠤᠨ ᠨᠡᠮᠡᠭᠦᠷᠢ ᠣᠯᠭᠤᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号