5 ᠰᠠᠷ᠎ᠠ ᠶᠢᠨ 7 ᠤ ᠡᠳᠦᠷ᠂ ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ᠬᠠᠤᠯᠢ ᠳᠤ | ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 1 ᠲᠥᠯᠥᠭᠡᠯᠡᠭᠴᠢ ᠶᠢ ᠬᠠᠤᠯᠢ | ᠶᠣᠰᠣᠭᠠᠷ ᠨᠥᠬᠦᠨ ᠰᠣᠩᠭᠤᠵᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠰᠢᠨ᠎ᠡ | ᠬᠦᠴᠦᠨ ᠢ ᠨᠢᠭᠲᠠᠷᠠᠭᠤᠯᠪᠠ᠃ | ᠨᠦᠬᠦᠨ ᠰᠣᠩᠭᠤᠬᠤ ᠠᠵᠢᠯ ᠡᠬᠢᠯᠡᠭᠰᠡᠨ ᠤ ᠳᠠᠷᠠᠭ᠎ᠠ᠂ ᠬᠦᠪᠴᠢᠨ ᠨᠡᠶᠢᠭᠡᠮ ᠲᠣᠭᠤᠷᠢᠭ ᠤᠨ ᠬᠢᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠤᠯᠢ︾ ᠵᠡᠷᠭᠡ ᠲᠣᠭᠲᠠᠭᠠᠯ ᠢ ᠴᠢᠩᠭ᠎ᠠ | ᠵᠢᠷᠤᠮᠯᠠᠨ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠬᠤ ᠪᠠᠷ ᠳᠠᠮᠵᠢᠨ᠂ ᠰᠣᠩᠭᠤᠭᠤᠯᠢ ᠶᠢᠨ ᠠᠷᠠᠳ ᠢ | ᠪᠦᠷᠢᠳᠬᠡᠬᠦ᠂ ᠵᠢᠱᠢᠭᠳᠡᠭᠰᠡᠳ ᠢ ᠲᠠᠨᠢᠯᠴᠠᠭᠤᠯᠬᠤ᠂ ᠫᠢᠶᠣᠣ ᠥᠭᠴᠦ ᠰᠣᠩᠭᠤᠬᠤ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢ ᠵᠢᠷᠤᠮᠵᠢᠭᠤᠯᠵᠤ᠂ ᠨᠥᠬᠦᠵᠦ ᠰᠣᠩᠭᠤᠬᠤ ᠠᠵᠢᠯ ᠤᠨ ᠲᠠᠰ ᠳᠠᠷᠠᠭᠠᠯᠠᠯ ᠬᠠᠤᠯᠢ ᠳᠤ ᠨᠡᠶᠢᠴᠡᠬᠦ᠂ | ᠶᠠᠪᠤᠴᠠ ᠨᠢ ᠢᠯᠡ ᠲᠣᠳᠣ᠂ ᠦᠷ᠎ᠡ ᠳ᠋ᠦᠩ ᠲᠥᠪ ᠭᠤᠥᠯᠴᠢ ᠪᠠᠶᠢᠬᠤ ᠶᠢ ᠦᠨᠡᠨᠬᠦ ᠪᠠᠲᠤᠯᠠᠪᠠ᠃ | ᠰᠣᠩᠭᠤᠭᠤᠯᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠨᠡᠶᠢᠭᠡᠮ | ᠲᠣᠭᠤᠷᠢᠭ ᠤᠨ ᠬᠢᠨ ︽ᠰᠦᠯᠵᠢᠶ᠎ᠡ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠤᠬᠠᠭᠤᠯᠤᠨ ᠳᠠᠶᠢᠴᠢᠯᠠᠬᠤ ᠠᠵᠢᠯ ᠢ ᠥᠷᠨᠢᠭᠦᠯᠪᠡ᠃ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠳ᠋ᠤᠭᠠᠷ᠂ | ᠰᠠᠭᠤᠭᠠᠯᠢ ᠠᠷᠠᠳ ᠤᠨ ᠸᠢᠴᠠᠲ ᠬᠤᠯᠪᠣᠭ᠎ᠠ ᠵᠡᠷᠭᠡ ᠲᠠᠪᠴᠠᠩ ᠢᠶᠠᠷ ᠰᠣᠩᠭᠤᠭᠤᠯᠢ ᠶᠢᠨ ᠲᠥᠷᠥ ᠶᠢᠨ ᠪᠣᠳᠣᠯᠭ᠎ᠠ | ᠵᠢᠴᠢ ᠶᠠᠪᠣᠴᠠ ᠶᠢ ᠳᠠᠮᠵᠢᠭᠤᠯᠣᠨ︔ ᠰᠦᠯᠵᠢᠶᠡᠨ ᠭᠠᠳᠠᠨ᠎ᠠ ᠤᠬᠠᠭᠤᠯᠭ᠎ᠠ ᠶᠢᠨ ᠪᠤᠯᠤᠩ ᠂ ᠵᠢᠵᠢᠭ | ᠲᠣᠭᠤᠷᠢᠭ ᠤᠨ ᠡᠭᠦᠳᠡ ᠵᠡᠷᠭᠡ ᠭᠠᠵᠠᠷ ᠢ ᠠᠰᠢᠭᠯᠠᠨ ᠠᠯᠪᠠᠨ ᠵᠠᠷ ᠨᠠᠭᠠᠵᠤ᠂ ᠤᠬᠠᠭᠤᠯᠭ᠎ᠠ ᠶᠢᠨ ᠳᠡᠪᠲᠡᠷ | ᠲᠠᠷᠬᠠᠭᠠᠨ᠂ ᠰᠣᠩᠭᠤᠭᠤᠯᠢ ᠶᠢᠨ ᠠᠴᠢ ᠬᠤᠯᠪᠣᠭᠳᠠᠯ ᠢ ᠨᠢᠭᠤᠷᠲᠠᠨ ᠲᠠᠶᠢᠯᠪᠤᠷᠢᠯᠠᠵᠤ᠂ ᠰᠣᠩᠭᠤᠭᠤᠯᠢ ᠶᠢᠨ | ᠠᠷᠠᠳ ᠤᠨ ᠣᠶᠢᠯᠠᠭᠠᠬᠤ ᠨᠣᠷᠮ᠎ᠠ ᠪᠠ ᠣᠷᠣᠯᠴᠠᠬᠤ ᠲᠤᠭ᠎ᠠ ᠶᠢ ᠪᠦᠲᠦᠮᠵᠢᠲᠡᠶ ᠳᠡᠭᠡᠭᠰᠢᠯᠡᠭᠦᠯᠵᠡᠢ᠃ | ᠫᠢᠶᠣᠣ ᠥᠭᠬᠦ ᠡᠳᠦᠷ᠂ ᠰᠠᠭᠤᠭᠠᠯᠢ ᠠᠷᠠᠳ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ 1 | ᠭᠤᠣᠯ ᠫᠢᠶᠣᠣ ᠥᠭᠬᠦ ᠴᠡᠭ ᠪᠠ 6 ᠨᠡᠭᠦᠳᠡᠯ ᠫᠢᠶᠣᠣ ᠥᠭᠬᠦ ᠳᠤᠭᠤᠶᠢᠯᠠᠩ ᠭᠠᠷᠭᠠᠵᠤ᠂ ᠰᠣᠩᠭᠤᠭᠤᠯᠢ ᠶᠢᠨ | ᠠᠷᠠᠳ ᠲᠤ ᠳᠥᠭᠦᠮ ᠦᠵᠡᠭᠦᠯᠪᠡ᠃ ᠰᠣᠩᠭᠤᠭᠤᠯᠢ ᠶᠢᠨ ᠪᠦᠬᠦ ᠶᠠᠪᠤᠴᠠ ᠳᠤ ᠬᠢᠨᠠᠯᠲᠠ ᠬᠦᠯᠢᠶᠡᠨ᠂ | ᠰᠣᠩᠭᠤᠭᠤᠯᠢ ᠶᠢᠨ ᠠᠷᠠᠳ ᠤᠨ ᠪᠡᠶ᠎ᠡ ᠭᠠᠷᠤᠯ ᠢ ᠴᠢᠩᠭ᠎ᠠ ᠬᠢᠨᠠᠨ ᠰᠢᠯᠭᠠᠵᠤ᠂ ᠰᠣᠩᠭᠤᠭᠤᠯᠢ ᠶᠢᠨ ᠫᠢᠶᠣᠣ | ᠣᠯᠭᠤᠬᠤ ᠶᠢ ᠵᠢᠷᠣᠮᠵᠢᠭᠤᠯᠪᠠ᠃ 1514 ᠨᠡᠷ᠎ᠡ ᠳᠠᠩᠰᠠᠯᠠᠭᠤᠯᠤᠭᠰᠠᠨ ᠰᠣᠩᠭᠤᠭᠤᠯᠢ ᠶᠢᠨ ᠠᠷᠠᠳ | ᠠᠷᠠᠳᠴᠢᠯᠠᠯ ᠤᠨ ᠡᠷᠬᠡ ᠪᠠᠨ ᠢᠳᠡᠪᠬᠢᠲᠡᠢ ᠬᠡᠷᠡᠭᠵᠢᠭᠦᠯᠵᠦ᠂ ᠫᠢᠶᠣᠣ ᠥᠭᠬᠦ ᠲᠤᠬᠠᠢ ᠶᠢᠨ ᠲᠠᠯᠠᠪᠠᠢ ᠡᠮᠬᠢ | ᠳᠢᠭᠯᠢᠮ ᠲᠠᠢ ᠪᠠᠶᠢᠪᠠ᠃ ᠢᠯᠡ ᠪᠠᠷ ᠫᠢᠶᠣᠣ ᠰᠢᠯᠭᠠᠬᠤ᠂ ᠫᠢᠶᠣᠣ ᠣᠩᠰᠢᠬᠤ᠂ ᠫᠢᠶᠣᠣ ᠪᠦᠷᠢᠳᠬᠡᠬᠦ ᠪᠠᠷ | ᠳᠡᠮᠵᠢᠨ᠂ ᠬᠤᠰᠢᠭᠤᠨ ᠤ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 1 ᠲᠥᠯᠥᠭᠡᠯᠡᠭᠴᠢ ᠶᠢ | ᠠᠮᠵᠢᠯᠲᠠ ᠲᠠᠢ ᠰᠣᠩᠭᠤᠨ ᠭᠠᠷᠭᠠᠪᠠ᠃ | ᠲᠣᠰ ᠤᠳᠠᠭᠠᠨ ᠤ ᠨᠥᠬᠦᠨ ᠰᠣᠩᠭᠤᠬᠤ ᠠᠵᠢᠯ ᠤᠷᠤᠭᠰᠢᠲᠠᠢ ᠶᠠᠪᠣᠭᠳᠠᠵᠣ᠂ ᠠᠷᠠᠳ ᠤᠨ ᠰᠠᠨᠠᠯ ᠢ | ᠰᠣᠨᠣᠰᠬᠤ ᠰᠢᠨ᠎ᠡ ᠲᠥᠯᠥᠭᠡᠯᠡᠭᠴᠢ ᠶᠢ ᠰᠣᠩᠭᠤᠨ ᠭᠠᠷᠭᠠᠭᠰᠠᠨ ᠢᠶᠠᠷ ᠪᠠᠷᠠᠬᠤ ᠦᠭᠡᠢ᠂ ᠨᠠᠩ ᠴᠤ ᠦᠨᠡᠨ ᠪᠣᠳᠠᠲᠠᠢ | ᠠᠵᠢᠯᠯᠠᠭ᠎ᠠ ᠪᠠᠷ ᠢᠶᠠᠨ ᠠᠷᠠᠳ ᠤᠨ ᠠᠷᠠᠳᠴᠢᠯᠠᠯ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠦᠨ᠎ᠡ | ᠥᠷᠲᠡᠭ ᠢ ᠬᠠᠷᠠᠭᠤᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠰ ᠤᠳᠠᠭ᠎ᠠ ᠶᠢᠨ ᠨᠥᠬᠦᠨ | ᠰᠣᠩᠭᠤᠯᠲᠠ ᠪᠠᠷ ᠠᠵᠠ ᠲᠣᠬᠢᠶᠠᠯ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠠᠷᠠᠳ ᠤᠨ ᠰᠠᠨᠠᠭ᠎ᠠ ᠶᠢ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ | ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠣᠨ᠂ | ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠠ ᠬᠠᠷᠢᠭᠤ ᠲᠤᠰᠬᠠᠯ ᠲᠠᠢ︾ ᠪᠠᠶᠢᠬᠤ ᠶᠢ ᠦᠨᠡᠨᠬᠦ | ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠨ᠎ᠡ᠃ | |