ᠠᠷᠠᠳ ᠲᠤ ᠠᠰᠢᠭ ᠲᠠᠢ ᠶᠠᠪᠤᠳᠠᠯ ᠢ ᠥᠴᠥᠬᠡᠨ ᠲᠡᠳᠦᠢ ᠴᠦ ᠭᠡᠰᠡᠨ ᠬᠥᠭᠵᠢᠭᠦᠯᠦᠨ᠎ᠡ᠃ ᠠᠷᠠᠳ ᠤᠨ | ᠠᠮᠢᠳᠤᠷᠠᠯ ᠤᠨ ᠬᠠᠯᠠᠭᠤᠨ ᠳᠤᠯᠠᠭᠠᠨ ᠪᠣᠯ ᠳᠠᠷᠤᠢ ᠵᠣᠯ ᠵᠢᠷᠭᠠᠯ ᠤᠨ ᠬᠡᠮᠵᠢᠭᠦᠷ ᠮᠥᠨ᠂ ᠤᠯᠢᠶᠠᠰᠤᠲᠠᠢ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠦᠬᠦᠨ ᠢ ᠰᠡᠳᠬᠢᠯ ᠲᠠᠯᠪᠢᠨ | ᠰᠠᠶᠢᠲᠤᠷ ᠬᠢᠵᠦ᠂ 5 ᠰᠠᠷ᠎ᠠ ᠶᠢᠨ 16 ᠤ ᠡᠳᠦᠷ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ︱ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭ ᠨᠣᠪᠰᠢ ᠶᠢᠨ ᠰᠠᠪᠠ ᠲᠠᠷᠬᠠᠭᠠᠬᠤ ᠶᠣᠰᠣᠯᠠᠯ ᠢ | ᠠᠮᠵᠢᠯᠲᠠ ᠲᠠᠢ ᠡᠷᠬᠢᠯᠠᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠬᠤᠰᠢᠭᠤ᠂ | ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠭᠠᠴᠠᠭᠠᠨ ᠤ | ︽ᠬᠤᠶᠠᠷ ᠵᠥᠪᠯᠡᠯ︾ ᠤᠨ ᠪᠦᠷᠢᠯᠳᠦᠭᠦᠨ᠂ ᠮᠠᠯᠴᠢᠨ ᠡᠷᠦᠬᠡ ᠶᠢᠨ ᠲᠥᠯᠥᠭᠡᠯᠡᠭᠴᠢ ᠠᠴᠠ ᠶᠣᠰᠣᠯᠠᠯ ᠳᠤ | ᠣᠷᠣᠯᠴᠠᠪᠠ᠃ | ᠲᠣᠰ ᠤᠳᠠᠭᠠᠨ ᠤ ᠲᠠᠷᠬᠠᠭᠠᠭᠰᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠬᠤᠭ ᠨᠣᠪᠰᠢ ᠶᠢᠨ ᠰᠠᠪᠠ ᠨᠢ | ᠮᠠᠯᠵᠢᠬᠤ ᠣᠷᠣᠨ ᠤ ᠬᠤᠭ ᠨᠣᠪᠰᠢ ᠶᠢ ᠬᠤᠷᠢᠶᠠᠨ ᠴᠤᠭᠯᠠᠭᠤᠯᠬᠤ ᠶᠢᠨ ᠲᠥᠬᠦᠮ ᠴᠢᠨᠠᠷ ᠪᠠ ᠥᠨᠳᠥᠷ ᠪᠦᠲᠦᠮᠵᠢᠲᠡᠶ | ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠮᠠᠯᠴᠢᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃ | ᠤᠯᠢᠶᠠᠰᠤᠲᠠᠢ ᠪᠠᠯᠭᠠᠰᠤ ᠨᠢ ︽ᠮᠢᠩᠭᠠᠨ ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢ ᠭᠦᠢᠴᠡᠳ | ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠭᠠᠵᠤ᠂ ᠠᠷᠠᠳ ᠣᠯᠠᠨ ᠤ ᠪᠠᠴᠢᠮ | ᠬᠦᠴᠢᠷ ᠵᠣᠪᠠᠭᠤᠷᠢ ᠲᠠᠢ ᠤᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ | ᠬᠢᠵᠠᠭᠠᠷᠲᠠᠢ ᠡᠳ᠋ ᠤᠨ ᠬᠦᠴᠦᠨ ᠤ ᠲᠠᠯ᠎ᠠ ᠪᠠᠷ ᠠᠷᠠᠳ ᠲᠤ ᠠᠰᠢᠭ ᠬᠦᠷᠲᠡᠭᠡᠬᠦ ᠬᠠᠮᠤᠭ ᠤᠨ ᠶᠡᠭᠡ ᠦᠷ᠎ᠡ ᠠᠰᠢᠭ ᠢ | ᠪᠠᠳᠠᠷᠠᠭᠤᠯᠵᠤ᠂ ᠣᠶᠢᠷ᠎ᠠ ᠶᠢᠨ ᠬᠤᠶᠠᠷ ᠵᠢᠯ ᠳᠤ᠂ ᠶᠠᠷᠢᠯᠴᠠᠬᠤ ᠬᠤᠷᠠᠯ᠂ ᠸᠢᠴᠠᠲ ᠤᠨ ᠲᠠᠪᠴᠠᠩ ᠪᠠᠷ ᠰᠠᠨᠠᠯ | ᠰᠠᠨᠠᠭᠤᠯᠭ᠎ᠠ ᠴᠤᠭᠯᠠᠭᠤᠯᠬᠤ᠂ ᠣᠯᠠᠨ ᠲᠦᠮᠡᠨ ᠢ ᠬᠦᠯᠢᠶᠡᠨ ᠠᠪᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ | ᠣᠯᠠᠨ ᠵᠦᠢᠯ ᠤᠨ ᠬᠡᠯᠪᠡᠷᠢ ᠪᠠᠷ ᠠᠷᠠᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ ᠠᠪᠴᠤ᠂ | ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠤᠳᠠᠭ᠎ᠠ᠂ ᠨᠠᠢᠮᠠᠳᠤᠭᠠᠷ ᠤᠳᠠᠭᠠᠨ ᠤ ᠬᠤᠷᠠᠯᠳᠤᠭᠠᠨ ᠢᠶᠠᠷ ᠪᠢᠯᠧᠲ ᠥᠭᠭᠦ ᠪᠠᠷ ᠳᠠᠮᠵᠢᠨ ᠮᠠᠯᠵᠢᠬᠤ ᠣᠷᠣᠨ ᠤ ᠬᠤᠭ | ᠨᠣᠪᠰᠢ ᠶᠢᠨ ᠰᠠᠪᠠ ᠶᠢ ᠬᠤᠳᠠᠯᠳᠤᠨ ᠠᠪᠬᠤ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠪᠤᠯᠭᠠᠨ ᠲᠣᠭᠲᠠᠭᠠᠵᠤ᠂ ᠨᠡᠶᠢᠳᠡ 40 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠯᠦᠭ ᠤᠳᠠᠭ᠎ᠠ | ᠬᠤᠪᠢᠶᠠᠨ ᠪᠦᠬᠦ ᠪᠠᠯᠭᠠᠰᠤᠨ ᠤ 986 ᠮᠠᠯᠵᠢᠬᠤ ᠣᠷᠣᠨ ᠤ ᠪᠠᠶᠢᠩᠭᠤ ᠰᠠᠭᠤᠭ᠎ᠠ ᠡᠷᠦᠬᠡ ᠳᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠤᠭ ᠨᠣᠪᠰᠢ ᠶᠢᠨ ᠰᠠᠪᠠ ᠶᠢ ᠲᠣᠬᠢᠷᠠᠭᠤᠯᠵᠤ᠂ ︽ᠡᠷᠦᠬᠡ ᠴᠤᠠᠠᠯᠠᠭᠤᠯᠬᠤ᠂ | ᠭᠠᠴᠠᠭ᠎ᠠ ᠬᠤᠷᠢᠶᠠᠬᠤ᠂ ᠪᠠᠯᠭᠠᠰᠤ ᠲᠠᠭᠡᠭᠡᠪᠥᠷᠢᠯᠠᠭᠦ᠂ ᠬᠤᠰᠢᠭᠤ ᠰᠢᠢᠳᠪᠤᠷᠢᠯᠠᠭᠦ︾ ᠶᠢᠨ ᠪᠦᠬᠦ ᠬᠡᠯᠬᠢᠶᠠᠨ ᠤ | ᠮᠠᠯᠵᠢᠬᠤ ᠣᠷᠣᠨ ᠤ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠳᠤ ᠰᠠᠭᠤᠷᠢ ᠪᠠᠲᠤᠯᠠᠭ᠎ᠠ ᠬᠠᠩᠭᠠᠵᠠᠢ᠃ | ᠡᠭᠦᠨ ᠤ ᠬᠠᠮᠲᠤ᠂ ᠣᠶᠢᠷ᠎ᠠ ᠶᠢᠨ ᠵᠢᠯ ᠤᠳ ᠲᠤ᠂ ᠭᠠᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠪᠣᠯᠣᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠭᠤᠯᠭ᠎ᠠ ᠶᠢᠨ ︽ᠬᠤᠶᠠᠷ ᠢ ᠪᠦᠷᠬᠦᠭᠦᠯᠬᠦ︾ ᠶᠢ ᠪᠡᠶᠡᠯᠡᠭᠦᠯᠵᠦ᠂ ᠡᠨᠡᠬᠦ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠢ ᠠᠷᠠᠳ ᠤᠨ ᠰᠠᠨᠠᠭ᠎ᠠ ᠶᠢ ᠢᠯᠡᠷᠡᠭᠦᠯᠬᠦ᠂ ᠠᠷᠠᠳ ᠤᠨ ᠠᠮᠢᠳᠤᠷᠠᠯ ᠳᠤ ᠲᠦᠭᠡᠮᠡᠯ | ᠠᠰᠢᠭ ᠬᠦᠷᠲᠡᠭᠡᠬᠦ ᠪᠣᠳᠠᠲᠤ ᠶᠠᠪᠤᠳᠠᠯ ᠪᠣᠯᠭᠠᠨ ᠦᠨᠡᠨᠬᠦ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯ ᠤᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠵᠡᠢ᠃ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠣᠯᠭᠠᠨ ᠠᠷᠠᠳ ᠤᠨ ᠰᠡᠳᠬᠢᠯ ᠢ | ᠳᠤᠯᠠᠭᠠᠴᠠᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢ ᠬᠥᠭᠡᠭᠡᠴᠡᠯᠳᠦᠬᠦ ᠶᠠᠪᠤᠴᠠ ᠳᠤ᠂ ᠤᠯᠢᠶᠠᠰᠤᠲᠠᠢ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠤᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠨᠡᠩ ᠤᠯᠠᠨ ᠰᠠᠶᠢᠨ ᠰᠠᠶᠢᠬᠠᠨ ᠠᠮᠢᠳᠤᠷᠠᠯ ᠤᠨ ᠪᠠᠶᠢᠳᠠᠯ ᠢ ᠡᠭᠦᠳᠴᠦ᠂ | ︽ᠵᠣᠯ ᠵᠢᠷᠭᠠᠯᠲᠤ ᠤᠯᠢᠶᠠᠰᠤᠳᠠᠢ︾ ᠶᠢᠨ ᠦᠵᠡᠰᠬᠦᠯᠡᠩᠲᠦ ᠰᠠᠶᠢᠬᠠᠨ ᠵᠢᠷᠤᠭ ᠢ ᠬᠠᠮᠲᠤᠪᠠᠷ ᠵᠢᠷᠤᠭᠯᠠᠵᠤ᠂ ᠠᠷᠠᠳ | ᠤᠯᠠᠨ ᠳᠤ ︽ᠠᠰᠢᠭ ᠬᠦᠷᠲᠡᠭᠡᠭᠰᠡᠨ ᠲᠥᠷᠥᠭᠳᠡᠯ ᠲᠠᠢ︾ ᠪᠤᠯᠭᠠᠪᠡ᠃ |