5 ᠰᠠᠷ᠎ᠠ ᠶᠢᠨ 7 ᠤ ᠡᠳᠦᠷ᠂ ᠮᠠᠨᠳᠤᠬᠤᠪᠤᠯᠠᠭ ᠪᠠᠯᠭᠠᠰᠤᠨ ᠤ ︽ᠨᠢᠭᠡᠳᠦᠮᠡᠯ ᠹᠷᠣᠨᠲ ᠤᠨ ᠦᠷᠤᠬᠡ︾ ᠨᠢ | ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠢᠭᠡᠳᠦᠮᠡᠯ ᠹᠷᠣᠨᠲ ᠤᠨ | ᠬᠡᠰᠢᠭᠦᠨ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠬᠡᠰᠢᠭᠦᠳ᠂ ᠡᠯ᠎ᠡ ᠭᠠᠴᠠᠭᠠᠨ ᠤ ᠨᠠᠮ ᠤᠨ ᠡᠭᠦᠷ ᠤᠨ | ᠱᠦᠵᠢ ᠬᠤᠷᠠᠯ ᠳᠤ ᠣᠷᠣᠯᠴᠠᠵᠠᠢ᠃ | ᠬᠤᠷᠠᠯ ᠠᠴᠠ ᠡᠮᠦᠨ᠎ᠡ᠂ ᠪᠠᠶᠢᠭᠤᠯᠭ᠎ᠠ ᠶᠢᠨ ᠺᠠᠳ᠋ᠷ ᠠᠵᠢᠯᠲᠠᠨ ᠪᠤᠯᠤᠨ ᠭᠠᠴᠠᠭ᠎ᠠ ᠨᠡᠶᠢᠭᠡᠮ ᠲᠣᠭᠤᠷᠢᠭ ᠤᠨ | ︽ᠬᠤᠶᠠᠷ ᠵᠥᠪᠯᠡᠯ︾ ᠤᠨ ᠬᠡᠰᠢᠭᠦᠳ ᠨᠢ ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠢ ᠳᠤ ᠬᠦᠷᠴᠦ᠂ | ᠠᠨᠠᠷ ᠤᠨ ᠦᠷ᠎ᠡ ᠶᠢᠨ ᠱᠤᠭᠤᠮᠠᠯ᠂ ᠤᠶᠠᠭᠠᠨ ᠤ ᠴᠢᠯᠠᠭᠤ᠂ ᠨᠢᠭᠡᠳᠤᠯ ᠤᠨ ᠬᠤᠳᠳᠤᠭ᠂ ᠮᠣᠩᠭᠤᠯ ᠭᠡᠷ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠲᠡᠭᠡ ᠵᠡᠷᠭᠡ ᠶᠢ ᠲᠣᠭᠤᠷᠢᠨ ᠦᠵᠡᠵᠦ᠂ ᠲᠠᠶᠢᠯᠪᠤᠷᠢᠯᠠᠭᠴᠢ ᠠᠴᠠ | ᠣᠶᠢᠯᠠᠭᠠᠮᠵᠢᠲᠠᠢ ᠦᠭᠡ ᠬᠡᠯᠡ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠤᠳ ᠢ ᠶᠠᠷᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠪᠠ᠃ | ᠳᠠᠷᠠᠭ᠎ᠠ ᠨᠢ᠂ ᠲᠤᠰᠬᠠᠢ ᠰᠡᠳᠦᠪᠲᠦ ᠬᠤᠷᠠᠯ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ | ᠠᠶᠢᠮᠠᠭ ᠤᠨ ᠨᠢᠭᠡᠳᠦᠮᠡᠯ ᠹᠷᠣᠨᠲ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠨ ᠤᠯᠠᠮᠵᠢᠯᠠᠵᠤ ᠂ | ᠡᠭᠦᠨ ᠤ ᠬᠠᠮᠲᠤ ︽ 2025 ᠣᠨ ᠤ ᠪᠥᠬᠦ ᠬᠤᠰᠢᠭᠤᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ﹀᠂ ︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ | ᠠᠵᠢᠯ ᠤᠨ ᠲᠦᠯᠤᠪᠯᠡᠭᠡ︾ ᠤᠨ ᠠᠵᠢᠯᠯᠠᠭ᠎ᠠ ᠶᠢᠨ ᠭᠤᠣᠯ ᠰᠡᠳᠦᠪ᠂ ᠴᠠᠭ ᠤᠨ ᠲᠣᠬᠢᠷᠠᠭᠤᠯᠤᠯᠲᠠ᠂ | ᠭᠤᠣᠯᠳᠠᠯᠭ᠎ᠠ ᠲᠠᠢ ᠡᠭᠦᠷᠭᠡ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠡᠨ᠂ ᠡᠭᠦᠨ ᠤ ᠬᠠᠮᠲᠤ ︽ᠵᠡᠭᠦᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ | 2025 ᠣᠨ ᠤ ᠠᠵᠢᠯ ᠤᠨ ᠭᠤᠣᠯᠳᠠᠯᠭ᠎ᠠ ︾ ᠲᠠᠢ ᠤᠶᠠᠯᠳᠤᠭᠤᠯᠤᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ | ᠶᠢᠨ ᠨᠢᠭᠡᠳᠦᠮᠡᠯ ᠹᠷᠣᠨᠲ ᠵᠢᠴᠢ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ | ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠵᠢᠴᠢ ᠨᠠᠮ ᠤᠨ ᠭᠡᠰᠢᠭᠦᠨ ᠤ ᠭᠤᠣᠯᠳᠠᠯᠭᠠᠲᠤ | ᠡᠷᠦᠬᠡ ᠶᠢᠨ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠭᠤᠣᠯ ᠠᠵᠢᠯ ᠢ ᠤᠯᠠᠮ ᠨᠢᠭᠡ | ᠠᠯᠬᠤᠮ ᠲᠣᠳᠣᠷᠬᠠᠶᠢᠯᠠᠪᠠ᠃ | ᠬᠤᠷᠠᠯ ᠠᠴᠠ ᠴᠢᠬᠤᠯᠴᠢᠯᠡᠭ᠌ᠰᠠᠨ ᠨᠢ᠂ ᠲᠤᠭ ᠢ ᠡᠷᠭᠦᠵᠦ ᠰᠦᠭ ᠰᠦᠨᠡᠰᠦ ᠶᠢ ᠱᠤᠭᠤᠬᠤ ᠶᠢ ᠡᠷᠬᠡᠪᠰᠢ | ᠲᠡᠷᠢᠭᠦᠨ ᠪᠠᠶᠢᠷᠢᠨ ᠳᠤ ᠲᠠᠯᠪᠢᠨ᠂ ᠤᠨᠤᠯ ᠤᠨ ᠰᠡᠷᠭᠡᠭ ᠪᠠᠶᠢᠬᠤ ᠪᠠᠷ ᠤᠯᠤᠰ ᠲᠦᠷᠦ ᠶᠢᠨ ᠡᠷᠡᠰ ᠪᠠᠲᠤ ᠪᠠᠶᠢᠬᠤ ᠶᠢ | ᠪᠠᠬᠢᠵᠢᠭᠦᠯᠵᠦ᠂ ᠪᠠᠶᠢᠩᠭᠤ ᠶᠢᠨ ᠤᠨᠤᠯ ᠢᠶᠠᠷ ᠵᠡᠪᠰᠡᠭᠯᠡᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠴᠠᠭ | ᠦᠶ᠎ᠡ ᠶᠢᠨ ᠨᠢᠭᠡᠳᠦᠮᠡᠯ ᠹᠷᠣᠨᠲ ᠤᠨ ᠤᠯᠤᠰ ᠲᠦᠷᠦ ᠶᠢᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠲᠤᠷ | ᠶᠠᠷᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ | ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ︾ ᠭᠡᠬᠦ ᠣᠶᠢᠯᠠᠭᠠᠭᠳᠠᠬᠤᠨ ᠢ ᠭᠠᠴᠠᠭ᠎ᠠ | ︵ᠨᠡᠶᠢᠭᠡᠮ ᠲᠣᠭᠤᠷᠢᠭ︶ ᠳᠤ ᠨᠡᠪᠴᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠵᠠᠰᠠᠬᠤ ᠳᠤ | ᠬᠤᠷᠢᠭ᠎ᠠ ᠱᠤᠭᠤᠮ ᠢ ᠪᠠᠷᠢᠮᠳᠡᠯᠡᠨ᠂ ᠬᠠᠤᠯᠢᠵᠢᠭᠤᠯᠬᠤ᠂ ᠵᠢᠷᠤᠮᠵᠢᠭᠤᠯᠬᠤ ᠪᠠᠷ ᠭᠠᠷᠳᠠᠴᠠ ᠪᠣᠯᠭᠠᠵᠤ᠂ ᠱᠠᠰᠢᠨ | ᠰᠢᠳᠤᠭ᠍ᠴᠢᠳ ᠤᠨᠡᠳᠦᠷ ᠲᠤᠳᠤᠮ ᠤᠨ ᠬᠠᠮᠢᠶᠠᠷᠤᠯᠲᠠ ᠪᠣᠯᠣᠨ ᠦᠢᠯᠡᠴᠢᠯᠡᠭᠡ ᠶᠢ ᠴᠢᠩᠭᠠᠳᠬᠠᠨ᠂ ᠱᠠᠰᠢᠨ | ᠰᠤᠷᠲᠠᠬᠤᠨ ᠢ ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠭᠤᠯᠬᠤ ᠶᠢ ᠬᠥᠲᠥᠯᠥᠨ ᠵᠢᠯᠤᠭᠤᠳᠴᠤ᠂ ᠪᠦᠬᠦ | ᠪᠠᠯᠭᠠᠰᠤᠨ ᠤ ᠡᠶ᠎ᠡ ᠵᠣᠬᠢᠴᠠᠩᠭᠤᠢ ᠲᠣᠭᠲᠠᠭᠤᠨ ᠢᠶᠠᠷ ᠬᠥᠭᠵᠢᠬᠦ ᠶᠢ ᠬᠠᠮᠠᠭᠠᠯᠠᠬᠤ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠮᠠᠨᠳᠤᠬᠤᠪᠤᠯᠠᠭ ᠪᠠᠯᠭᠠᠰᠤ ᠨᠢ ᠨᠢᠭᠡᠳᠦᠮᠡᠯ ᠹᠷᠣᠨᠲ ᠤᠨ ᠠᠵᠢᠯ ᠢ | ᠦᠷᠭᠦᠯᠵᠢᠯᠡᠨ ᠪᠥᠬᠦ ᠲᠠᠯ᠎ᠠ ᠪᠠᠷ ᠠᠭᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ | ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠨᠢᠭᠡᠳᠦᠮᠡᠯ ᠹᠷᠣᠨᠲ ᠤᠨ ᠠᠵᠢᠯ ᠤᠨ ᠤᠯᠠᠮ ᠨᠢᠭᠡ ᠠᠯᠬᠤᠮ ᠦᠷ᠎ᠡ | ᠪᠦᠲᠦᠮᠵᠢ ᠣᠯᠬᠤ ᠶᠢ ᠪᠠᠳᠤᠯᠠᠨ᠂ ᠮᠠᠨ ᠤ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠴᠢᠳᠠᠯ ᠢᠶᠠᠨ | ᠡᠷᠭᠦᠨ᠎ᠡ᠃ | | |