5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 95 ᠳ᠋ᠤᠭᠠᠷ ( 2025 ᠣᠨ ᠤ 16 ᠳ᠋ᠤᠭᠠᠷ | ᠤᠳᠠᠭ᠎ᠠ ) ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ | ᠵᠥᠪᠯᠡᠯ ᠤᠨ 2025 ᠣᠨ ᠤ 1 ᠳ᠋ᠦ᠋ᠭᠡᠷ ᠬᠤᠷᠠᠯ᠂ ᠤᠯᠤᠰ ᠤᠨ ᠠᠮᠤᠷ ᠲᠦᠪᠰᠢᠨ ᠤ ᠵᠥᠪᠯᠡᠯ ᠤᠨ 2025 ᠣᠨ | ᠤ 1 ᠳ᠋ᠦ᠋ᠭᠡᠷ ᠬᠤᠷᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ | ᠤᠨ ᠬᠤᠷᠠᠯ᠂ ᠢᠯᠵᠠᠷᠠᠯ ᠢ ᠡᠰᠡᠷᠭᠦᠴᠡᠬᠦ ᠵᠣᠬᠢᠴᠠᠭᠤᠯᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠲᠥᠪ ᠤᠨ ᠨᠠᠶᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ᠂ ᠤᠯᠤᠰ ᠤᠨ ᠠᠮᠤᠷ | ᠲᠦᠪᠰᠢᠨ᠂ ᠬᠠᠤᠯᠢᠵᠢᠯ ᠤᠨ ᠪᠠᠶᠢᠭᠤᠯᠤᠯᠲᠠ᠂ ᠠᠶᠤᠯᠭᠦᠶ ᠦᠶᠯᠡᠳᠪᠦᠷᠢᠯᠡᠯ᠂ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ | ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠪᠠ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠡᠯ᠎ᠡ ᠲᠥᠷᠥᠯ ᠤᠨ ᠠᠶᠤᠯᠭᠦᠶ ᠦᠶᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ | ᠳᠠᠷᠬᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠬᠤ | ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ ᠬᠥᠳᠡᠯᠮᠦᠷᠢᠴᠢᠳ | ᠤᠨ ᠡᠩᠨᠡᠭᠡ ᠶᠢ ᠪᠠᠶᠢᠭᠤᠯᠬᠤ ᠬᠡᠷᠡᠭᠲᠡᠶ᠃ 《 ᠭᠦᠨᠵᠡᠭᠡᠢ 》 ᠪᠠ 《 ᠪᠣᠳᠠᠲᠠᠢ 》 ᠳᠡᠭᠡᠷ᠎ᠡ ᠬᠦᠴᠦ ᠲᠠᠯᠪᠢᠬᠤ | ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠵᠤ᠂ 《 ᠬᠤᠶᠠᠷ ᠨᠢᠭᠤᠷ 》 ᠢᠯᠡᠷᠡᠬᠦ ᠶᠢ | ᠰᠡᠷᠭᠡᠶᠢᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠬᠥᠭᠵᠢᠯᠲᠡ ᠶᠢ ᠠᠬᠢᠭᠤᠯᠬᠤ | ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ | ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠨ | ᠠᠷᠢᠯᠭᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠬᠤᠷᠰᠢᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠪᠠ | ᠬᠤᠶᠠᠷ ᠢ ᠬᠦᠷᠢᠶᠡᠯᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠴᠡᠷᠢᠭ ᠠᠷᠠᠳ ᠤᠨ | ᠬᠡᠷᠡᠭᠯᠡᠭᠡ ᠶᠢᠨ ᠠᠭᠤᠰᠤᠯᠴᠠᠯ ᠤᠨ ᠭᠦᠨᠵᠡᠭᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠢ ᠬᠦᠨᠳᠦᠳᠬᠡᠬᠦ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠬᠤ ᠬᠡᠷᠡᠭᠲᠡᠶ᠃ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠢᠯᠵᠠᠷᠠᠯ ᠢ | ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ | ᠢᠯᠵᠠᠷᠠᠯ ᠤᠨ ᠡᠭᠦᠰᠬᠦ ᠦᠨᠳᠦᠰᠦ ᠰᠤᠷᠪᠤᠯᠵᠢ ᠶᠢ ᠲᠤᠶᠢᠯᠪᠤᠷᠢᠲᠠᠢ ᠠᠷᠢᠯᠭᠠᠬᠤ ᠬᠡᠷᠡᠭᠲᠡᠢ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ ᠃ |