5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠤᠨ | ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠣᠨᠣᠯ ᠤᠨ | ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠷᠠᠯ ᠠᠴᠠ | 《 ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ ᠲᠥᠪ ᠤᠨ ᠨᠠᠶᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ 》᠂《 ᠨᠠᠶᠮᠠᠨ ᠲᠣᠭᠲᠠᠭᠠᠯ | ᠳᠤᠮᠳᠠᠳᠤ ᠤᠯᠤᠰ ᠢ ᠬᠤᠪᠢᠷᠠᠭᠤᠯᠤᠭᠰᠠᠨ 》᠂《 ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ》 ᠶᠢ ᠤᠯᠠᠮᠵᠢᠯᠠᠨ ᠰᠤᠷᠤᠯᠴᠠᠪᠠ᠃ | | ᠯᠢ ᠰᠢᠶᠠᠨ ᠯᠢᠨ᠂ ᠶᠧ ᠶᠢᠨ ᠭᠤᠸᠠᠩ ᠵᠡᠷᠭᠡ ᠬᠥᠮᠦᠰ ᠤᠨ ᠲᠣᠭᠲᠠᠭᠠᠯ ᠠᠴᠠ ᠵᠥᠷᠢᠴᠡᠨ ᠢᠳᠡᠵᠦ | ᠤᠤᠭᠤᠭᠰᠠᠨ ᠨᠢ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ | ᠠᠰᠠᠭᠤᠳᠠᠯ᠂ ᠦᠨᠳᠦᠰᠦᠨ ᠱᠠᠲᠤᠨ ᠤ 《 ᠳᠥᠷᠪᠡᠨ ᠰᠤᠷᠲᠠᠯ 》 ᠤᠨ 10 ᠵᠦᠶᠯ ᠤᠨ ᠳᠠᠯᠳᠠ ᠬᠤᠪᠢᠷᠠᠯᠲᠠ | ᠶᠢᠨ ᠢᠯᠡᠷᠡᠯ ᠢ ᠢᠯᠡ ᠪᠠᠷ ᠵᠠᠷᠯᠠᠨ ᠮᠡᠳᠡᠭᠳᠡᠪᠡ᠃《 ᠨᠠᠮ ᠵᠠᠰᠠᠭ ᠤᠨ ᠪᠠᠶᠢᠭᠤᠯᠭ᠎ᠠ ᠠᠯᠢ ᠴᠢᠳᠠᠬᠤ ᠪᠠᠷ ᠠᠷᠪᠢᠯᠠᠨ | ᠭᠠᠮᠨᠠᠵᠤ ᠪᠦᠷᠢᠯᠭᠡᠨ ᠰᠦᠶᠳᠬᠡᠬᠦ ᠶᠢ ᠡᠰᠡᠷᠭᠦᠴᠡᠬᠦ ᠲᠦᠷᠢᠮ 》 ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠶ | ᠶᠢᠨ ᠲᠠᠯᠠᠪᠠᠶ ᠳᠤ ᠰᠤᠷᠤᠯᠴᠠᠵᠤ ᠰᠤᠳᠤᠯᠤᠨ ᠶᠠᠷᠢᠯᠴᠠᠪᠠ ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ | ᠤᠨ ᠭᠡᠰᠢᠭᠦᠨ ᠺᠠᠳ᠋ᠷ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠲᠥᠪ ᠤᠨ ᠨᠠᠶᠮᠠᠨ ᠲᠣᠭᠲᠠᠭᠠᠯ | ᠤᠨ ᠵᠣᠷᠢᠭ ᠰᠠᠨᠠᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠪᠣᠯᠤᠨ | ᠴᠢᠬᠤᠯᠠ ᠶᠡᠭᠡ ᠬᠤᠪᠢᠰᠤᠯᠲᠠ ᠶᠢ ᠭᠦᠨᠵᠡᠭᠡᠶ ᠣᠶᠢᠯᠠᠭᠠᠵᠤ᠂ ᠡᠭᠦᠷᠭᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠲᠥᠷᠥ ᠶᠢᠨ ᠲᠠᠯ᠎ᠠ ᠪᠠᠷ ᠴᠢᠩᠭ᠎ᠠ ᠪᠠᠶᠢᠬᠤ᠂ ᠦᠵᠡᠯ ᠰᠠᠨᠠᠭᠠᠨ ᠤ ᠲᠠᠯ᠎ᠠ ᠪᠠᠷ ᠴᠢᠩᠭ᠎ᠠ | ᠪᠠᠶᠢᠬᠤ᠂ ᠰᠤᠷᠲᠠᠯ ᠤᠨ ᠲᠠᠯ᠎ᠠ ᠪᠠᠷ ᠴᠢᠩᠭ᠎ᠠ ᠪᠠᠶᠢᠬᠤ᠂ ᠢᠯᠵᠠᠷᠠᠯ ᠢ ᠡᠰᠡᠷᠭᠦᠴᠡᠬᠦ ᠲᠠᠯ᠎ᠠ ᠪᠠᠷ ᠴᠢᠩᠭ᠎ᠠ ᠪᠠᠶᠢᠬᠤ ᠶᠢ | ᠪᠥᠬᠦ ᠲᠠᠯ᠎ᠠ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ 《 ᠬᠤᠶᠠᠷ ᠢ ᠲᠣᠭᠲᠠᠭᠠᠬᠤ 》 ᠶᠢ ᠡᠷᠡᠰ | ᠬᠦᠷᠢᠶᠡᠯᠡᠵᠦ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠬᠡᠷᠡᠭᠲᠡᠶ ᠃ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ 《 ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ | ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ | ᠲᠤᠷᠰᠢᠯᠭ᠎ᠠ 》᠂ 《 ᠨᠠᠢᠮᠠᠨ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠤᠭᠰᠠᠨ 》 ᠵᠡᠷᠭᠡ ᠭᠤᠣᠯᠳᠠᠯᠭ᠎ᠠ | ᠲᠠᠢ ᠠᠭᠤᠯᠭ᠎ᠠ ᠶᠢ ᠨᠠᠮ ᠤᠨ ᠬᠤᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠶᠢᠨ ᠤᠨᠤᠯ ᠤᠨ | ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ᠂ 《 ᠭᠤᠷᠪᠠᠨ ᠬᠤᠷᠠᠯ ᠨᠢᠭᠡ ᠬᠢᠴᠢᠶᠡᠯ 》 ᠳᠤ ᠣᠷᠣᠭᠤᠯᠵᠤ᠂ | ᠲᠤᠰᠬᠠᠢ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠲᠠᠷᠢᠬᠢᠨ ᠳᠠᠭᠠᠨ ᠬᠠᠳᠠᠩᠰᠢᠭᠤᠯᠬᠤ ᠬᠡᠷᠡᠭᠲᠡᠢ ᠃ ᠬᠦᠳᠦᠯᠦᠨ ᠳᠠᠭᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠠᠢᠮᠠᠨ | ᠵᠤᠷᠪᠤᠰ ᠲᠣᠭᠲᠠᠭᠠᠯ ᠢ ᠵᠢᠷᠤᠮᠯᠠᠨ᠂ 《 ᠵᠠᠩᠭᠢᠯᠠᠭ᠎ᠠ ᠶᠢᠨ ᠴᠥᠭᠡᠨ ᠲᠣᠭᠠᠲᠠᠨ 》 ᠢᠶᠠᠷ 《 ᠵᠣᠩᠬᠢᠯᠠᠬᠤ ᠤᠯᠠᠨ | ᠲᠣᠭᠠᠲᠠᠨ 》 ᠢ ᠲᠠᠶᠢᠴᠢᠯᠠᠵᠤ᠂ ᠳᠡᠭᠡᠷᠡᠬᠢ ᠨᠢ ᠶᠠᠭᠠᠬᠢᠵᠤ ᠬᠢᠪᠡᠯ ᠳᠣᠣᠷᠠᠬᠢ ᠨᠢ ᠴᠢᠩᠭᠢᠬᠦ ᠰᠠᠶᠢᠨ ᠰᠠᠶᠢᠬᠠᠨ | ᠪᠠᠶᠢᠳᠠᠯ ᠢ ᠪᠤᠢ ᠪᠣᠯᠭᠠᠬᠤ ᠬᠡᠷᠡᠭᠲᠡᠢ ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ | ᠬᠢᠨᠠᠯᠲᠠ ᠲᠠᠯᠪᠢᠵᠤ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠶᠮᠠᠨ ᠵᠦᠶᠯ ᠤᠨ ᠲᠣᠭᠲᠠᠭᠠᠯ ᠠᠴᠠ | ᠵᠥᠷᠢᠴᠡᠭᠰᠡᠨ ᠡᠯ᠎ᠡ ᠲᠥᠷᠥᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠦᠭᠡᠶᠢᠰᠬᠡᠵᠦ᠂ ᠺᠠᠳ᠋ᠷᠴᠤᠳ ᠤᠨ ᠠᠵᠢᠯ ᠤᠨ ᠰᠤᠷᠲᠠᠯ ᠢᠶᠠᠨ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠵᠤ᠂ ᠲᠥᠪ ᠴᠢᠬᠡᠴᠢ ᠰᠤᠷᠲᠠᠯ ᠢᠶᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ | ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠠᠢ ᠃ |