ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠤᠯᠴᠠᠨ ᠲᠤᠭᠤᠰᠢᠯᠠᠭᠤᠯᠤᠨ᠂ ᠤᠮᠠᠷᠠᠲᠤ | ᠬᠢᠯᠢ ᠶᠢᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠴᠤᠭ ᠵᠢᠪᠬᠤᠭ᠎ᠠ ᠪᠠ ᠳᠤᠮᠳᠠᠳᠤ ᠶᠢᠨ | ᠦᠨᠳᠦᠰᠦᠲᠡᠨ ᠤ ᠠᠬᠠᠮᠠᠳ ᠨᠠᠰᠤᠲᠠᠨ ᠢᠶᠠᠨ ᠬᠦᠨᠳᠦᠯᠡᠬᠦ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠬᠤ ᠶᠢᠨ | ᠲᠦᠯᠤᠬᠡ᠂ ᠠᠯᠲᠠᠨᠬᠢᠯᠢ ᠰᠤᠮᠤᠨ ᠤ ᠠᠯᠲᠠᠨᠬᠢᠯᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠦ ᠬᠤᠷᠠᠯ ᠨᠢ | ︽ᠤᠮᠠᠷᠠᠲᠦ ᠬᠢᠯᠢ ᠶᠢᠨ ᠡᠮᠡᠭᠲᠡᠶᠢᠴᠦᠳ ᠨᠠᠮ ᠢᠶᠠᠨ ᠡᠷᠡᠰ ᠳᠠᠭᠠᠵᠦ᠂ ᠰᠢᠨ᠎ᠡ ᠠᠶᠠᠨ ᠵᠠᠮ ᠳᠠᠭᠠᠨ ᠭᠠᠪᠢᠶ᠎ᠠ | ᠪᠠᠶᠢᠭᠤᠯᠬᠤ ᠪᠠᠷ ᠡᠷᠡᠯᠬᠡᠭᠯᠡᠨ ᠤᠷᠤᠭᠰᠢᠯᠠᠶ᠎ᠠ︾ ᠭᠤᠣᠯ ᠰᠡᠳᠦᠪᠲᠦ ᠡᠬᠡᠴᠦᠦᠯ ᠤᠨ ᠪᠠᠶᠠᠷ ᠢ ᠪᠡᠯᠭᠡᠯᠡᠬᠦ ᠠᠵᠢᠯᠯᠠᠭ᠎ᠠ ᠶᠢ | ᠥᠷᠨᠢᠭᠦᠯᠪᠠ᠃ | ᠬᠦᠲᠠᠯᠬᠡᠬᠡᠨ ᠤ ᠠᠬᠤᠶ ᠲᠠᠯᠠᠪᠠᠢ ᠳᠤ ᠱᠠᠭ᠎ᠠ ᠶᠢᠨ ᠤᠷᠤᠯᠳᠤᠭᠠᠨ ᠲᠣᠬᠢᠷᠠᠭᠤᠯᠵᠤ᠂ ᠡᠵᠢ ᠨᠠᠷ | ᠤᠷᠤᠯᠳᠤᠭᠠᠨ ᠳᠤ ᠢᠳᠡᠪᠬᠢᠲᠡᠶ ᠣᠷᠣᠯᠴᠠᠵᠤ᠂ ᠲᠠᠯ᠎ᠠ ᠨᠤᠲᠤᠭ ᠤᠨ ᠡᠮᠡᠭᠲᠡᠶᠢᠴᠦᠳ ᠤᠨ ᠠᠮᠢᠵᠢᠷᠠᠯ ᠤᠨ ᠬᠦᠴᠦᠨ | ᠪᠠ ᠴᠤᠭ ᠵᠢᠪᠬᠤᠭ᠎ᠠ ᠶᠢ ᠪᠠᠲᠠᠷᠠᠭᠤᠯᠵᠤ᠂ ᠡᠨᠡ ᠬᠦ ᠤᠯᠠᠮᠵᠢᠯᠠᠯᠲᠤ ᠲᠣᠭᠯᠠᠭᠠᠮ ᠢᠶᠠᠷ ᠳᠠᠮᠵᠢᠨ᠂ ᠡᠵᠢ ᠨᠡᠷ ᠲᠤ ᠪᠠᠭ᠎ᠠ | ᠶᠢᠨ ᠦᠶ᠎ᠡ ᠶᠢᠨ ᠪᠠᠶᠠᠷ ᠪᠠᠶᠠᠰᠤᠯ ᠢ ᠳᠠᠬᠢᠨ ᠪᠤᠳᠤᠭᠳᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ | ᠨᠠᠰᠤᠲᠠᠶᠢᠴᠤᠳ ᠲᠤ ᠡᠮᠡᠭᠲᠡᠶᠢᠴᠦᠳ ᠤᠨ ᠬᠤᠯᠪᠤᠭᠠᠲᠦ ᠬᠤᠷᠠᠯ ᠠᠴᠠ ᠦᠭᠬᠦᠭᠰᠡᠨ ᠬᠠᠶᠢᠷ᠎ᠠ ᠬᠠᠯᠠᠮᠵᠢ ᠶᠢ | ᠮᠡᠳᠡᠷᠡᠭᠦᠯᠦᠭᠰᠡᠨ ᠪᠠᠶᠢᠨ᠎ᠠ᠃ | ᠬᠦᠲᠠᠯᠬᠡᠬᠡᠨ ᠤ ᠳᠠᠷᠠᠭ᠎ᠠ ᠂ ᠡᠵᠢ ᠨᠠᠷ ᠬᠠᠮᠲᠤ ᠪᠠᠷ ᠵᠡᠭᠦᠨ ᠦᠵᠦᠮᠦᠴᠢᠨ ᠬᠤᠰᠢᠭᠤᠨ ᠤ ᠮᠦᠽᠧᠶ ᠳᠤ | ᠬᠦᠷᠴᠦ ᠲᠣᠭᠤᠷᠢᠨ ᠦᠵᠡᠪᠡ᠃ ᠲᠤᠭᠤᠷᠢᠨ ᠦᠵᠡᠬᠦ ᠪᠠᠷ ᠳᠠᠮᠵᠢᠨ ᠲᠤᠬᠠᠶ ᠶᠢᠨ ᠭᠠᠵᠠᠷ ᠤᠨ ᠲᠡᠤᠬᠡ ᠰᠣᠶᠣᠯ ᠤᠨ | ᠬᠥᠭᠵᠢᠯᠲᠡ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠡᠷᠡᠯ ᠰᠠᠴᠤᠷᠠᠩᠭᠤᠶ ᠥᠩᠭᠡᠷᠡᠯᠲᠡ ᠶᠢ | ᠭᠦᠨᠵᠡᠭᠡᠶ ᠣᠶᠢᠯᠠᠭᠠᠪᠠ᠃ | ᠲᠤᠰ ᠤᠲᠠᠭᠠᠨ ᠤ ᠬᠦᠲᠠᠯᠬᠡᠬᠡᠨ ᠨᠢ ᠡᠬᠡᠴᠦᠦᠯ ᠤᠨ ᠪᠠᠶᠠᠷ ᠢᠶᠠᠷ ᠠᠵᠠ ᠲᠣᠬᠢᠶᠠᠯ ᠪᠣᠯᠭᠠᠵᠤ᠂ ᠮᠠᠯᠵᠢᠬᠤ | ᠣᠷᠣᠨ ᠤ ᠡᠮᠡᠭᠲᠡᠶᠢᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠦᠵᠡᠯ | ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠮᠠᠷᠠᠲᠤ ᠶᠢᠨ | ᠡᠮᠡᠭᠲᠡᠶᠢᠴᠦᠳ ᠤᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠠ᠃ |