ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠬᠤ ᠶᠢᠨ ᠲᠤᠰᠨᠲᠠ᠂ ᠠᠯᠲᠠᠨᠬᠢᠯᠢ ᠰᠤᠮᠤ ᠨᠢ ︽ᠰᠠᠭᠤᠷᠢ ᠶᠢ ᠴᠢᠩᠭᠠᠳᠬᠠᠬᠤ᠂ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠵᠤ᠂ ᠤᠷᠤᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠡᠷᠴᠢᠮᠲᠠᠢ ᠶᠠᠪᠤᠭᠲᠠᠭᠤᠯᠪᠠ᠃ | ◆X506᠂ X503 ᠵᠡᠷᠭᠡ 5 ᠵᠤᠷᠪᠤᠰ ᠭᠤᠣᠯᠳᠠᠯᠭ᠎ᠠ ᠲᠠᠢ ᠵᠠᠰᠠᠮᠠᠯ ᠵᠠᠮ ᠤᠨ ᠡᠳᠦᠷ ᠲᠤᠲᠤᠮ ᠤᠨ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ 10 ᠺᠢᠯᠣᠮᠧᠲᠷ ᠤᠨ ᠵᠠᠮ ᠤᠨ ᠭᠠᠳᠠᠷᠭᠤ ᠶᠢ ᠵᠠᠰᠠᠨ ᠰᠡᠯᠪᠢᠵᠦ᠂ | ᠦᠶᠡᠷ ᠤᠨ ᠬᠤᠭᠤᠴᠠᠭᠠᠨ ᠳᠠᠬᠢ 8 ᠳᠠᠯᠳᠠ ᠬᠡᠮ ᠢ ᠠᠷᠢᠯᠭᠠᠪᠠ︔ ᠮᠠᠯᠵᠢᠬᠤ ᠣᠷᠣᠨ ᠤ ᠴᠠᠬᠢᠯᠭᠠᠨ ᠤ ᠲᠣᠣᠷ ᠤᠨ | ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ 3 ᠭᠠᠴᠠᠭᠠᠨ ᠤ ᠠᠯᠪᠠᠨ ᠭᠡᠷ ᠲᠤ ᠴᠠᠬᠢᠯᠭᠠᠨ ᠨᠡᠪᠲᠡᠷᠡᠭᠦᠯᠬᠦ ᠶᠢ | ᠪᠡᠶᠡᠯᠡᠭᠦᠯᠦᠨ᠂ 400kva ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠰᠢᠨᠡᠳᠬᠡᠵᠦ᠂ ᠪᠠᠲᠠᠷᠠᠬᠤ ᠭᠠᠴᠠᠭ᠎ᠠ᠂ | ᠪᠦᠯᠢᠶᠡᠨ ᠭᠠᠴᠠᠭ᠎ᠠ ᠳᠤ 4G ᠰᠢᠯᠵᠢᠮᠡᠯ ᠰᠠᠭᠤᠷᠢ ᠥᠷᠲᠡᠭᠡ ᠶᠢ ᠪᠠᠶᠢᠭᠤᠯᠤᠨ᠂ ᠰᠦᠯᠵᠢᠶᠡᠨ ᠤ ᠪᠦᠷᠬᠦᠴᠡ ᠶᠢᠨ | ᠬᠢᠷᠢ ᠲᠦᠪᠰᠢᠨ ᠢ ᠤᠯᠠᠮ ᠨᠢᠬᠡᠠᠯᠬᠤᠮ ᠲᠠᠬᠡᠭᠰᠢᠯᠠᠬᠦᠯᠪᠠ︔ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ | ᠢᠨᠵᠧᠨᠧᠷᠢᠩ ᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ 11 ᠰᠠᠭᠤᠷᠢ ᠤᠰᠤᠨ ᠤ ᠡᠬᠢ ᠰᠤᠷᠪᠤᠯᠵᠢ ᠶᠢᠨ | ᠮᠠᠰᠢᠨ ᠬᠤᠳᠳᠤᠭ ᠢ ᠪᠠᠶᠢᠭᠤᠯᠵᠤ᠂ 13 ᠡᠷᠦᠬᠡ 43 ᠬᠥᠮᠥᠨ ᠤ ᠤᠤᠭᠤᠬᠤ ᠤᠰᠤᠨ ᠤ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠬᠠᠮᠲᠤ 16 ᠬᠠᠭᠤᠷᠠᠢ ᠵᠣᠷᠯᠣᠩ᠂ 10 ᠡᠷᠦᠬᠡ ᠶᠢᠨ ᠤᠰᠤᠨ ᠵᠣᠷᠯᠣᠩ ᠢ ᠰᠢᠨ᠎ᠡ ᠪᠠᠷ | ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠪᠡ᠃ | ◆ᠺᠠᠳ᠋ᠷ ᠠᠵᠢᠯᠲᠠᠨ ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠡᠰᠢᠬᠦᠨ᠂ ᠮᠠᠯᠴᠢᠨ ᠲᠦᠮᠡᠨ ᠵᠢᠴᠢ | ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢ ᠵᠣᠬᠢᠶᠠᠨ ᠪᠠᠶᠢᠭᠤᠯᠤᠨ᠂ ︽ᠭᠤᠷᠪᠠ ᠶᠢ ᠴᠡᠪᠡᠷᠯᠡᠵᠦ ᠨᠢᠭᠡ ᠶᠢ | ᠰᠠᠶᠢᠵᠢᠷᠠᠭᠤᠯᠬᠤ︾ ᠪᠠᠷ ᠭᠤᠣᠯ ᠪᠣᠯᠭᠠᠵᠤ᠂ ︽ᠳᠥᠷᠪᠡᠨ ᠣᠪᠣᠭ᠎ᠠ︾ ︽ᠳᠥᠷᠪᠡᠨ ᠳᠤᠷ᠎ᠠ ᠪᠠᠷ ᠢᠶᠠᠨ︾ ᠤ | ᠠᠷᠬᠠᠭ ᠭᠡᠮ ᠢ ᠬᠠᠨᠳᠤᠯᠭ᠎ᠠ ᠲᠠᠢ ᠪᠠᠷ ᠵᠠᠰᠠᠵᠤ᠂ ᠵᠡᠭᠡᠯᠢ ᠭᠤᠳᠤᠮᠵᠢ᠂ ᠠᠷᠢᠭᠤᠨ ᠴᠡᠪᠡᠷ ᠤᠨ ᠥᠯᠥ ᠣᠨᠣᠭᠳᠠᠬᠤ | ᠭᠠᠵᠠᠷ ᠲᠤ ︽ᠲᠣᠣᠷ ᠲᠠᠲᠠᠬᠤ ᠮᠠᠶ᠋ᠢᠭ︾ ᠤᠨ ᠴᠡᠪᠡᠷᠯᠡᠯᠲᠡ ᠬᠢᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ | ᠪᠣᠯᠪᠠᠰᠤᠨ ᠡᠷᠡᠭᠦᠯ ᠬᠠᠮᠠᠭᠠᠯᠠᠯ ᠤᠨ ᠵᠠᠩ ᠳᠠᠳᠬᠠᠯ ᠲᠠᠢ ᠪᠤᠯᠭᠠᠵᠤ᠂ 2025 ᠣᠨ ᠤ ᠳᠡᠭᠡᠷ᠎ᠡ ᠬᠠᠭᠠᠰ ᠵᠢᠯ ᠳᠤ᠂ | ᠨᠡᠶᠢᠳᠡ 800 ᠭᠠᠷᠤᠢ ᠬᠥᠮᠥᠨ ᠤᠳᠠᠭ᠎ᠠ ᠶᠢ ᠬᠥᠳᠡᠯᠭᠡᠵᠦ᠂ ᠨᠡᠶᠢᠭᠡᠮ ᠲᠣᠭᠤᠷᠢᠭ ᠵᠢᠴᠢ ᠮᠠᠯᠵᠢᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ 200 ᠲᠣᠨ ᠠᠴᠠ ᠳᠡᠭᠡᠭᠰᠢ ᠴᠡᠪᠡᠷᠯᠡᠨ ᠵᠥᠭᠡᠭᠡᠪᠦᠷᠢᠯᠡᠵᠦ᠂ ︽ᠠᠮᠢ ᠠᠬᠤᠢ ᠶᠢ | ᠲᠡᠷᠢᠭᠦᠨ ᠳᠤ ᠲᠠᠯᠪᠢᠬᠤ︾ ᠣᠨᠣᠯᠵᠢᠬᠤᠨ ᠢ ᠦᠢᠯᠡᠳᠦᠯᠭᠡᠵᠢᠭᠦᠯᠵᠦ᠂ ᠴᠡᠭᠴᠡᠯᠡᠨ ᠵᠠᠰᠠᠬᠤ ᠳᠤᠮᠳᠠ ᠮᠠᠯᠵᠢᠬᠤ | ᠣᠷᠣᠨ ᠤ ᠤᠯᠠᠮᠵᠢᠯᠠᠯᠲᠤ ᠡᠯᠧᠮᠧᠨ᠋ᠲ ᠢ ᠠᠭᠤᠰᠬᠠᠨ ᠣᠷᠣᠭᠤᠯᠵᠤ᠂ 2.19 ᠲᠦᠮᠡᠨ ᠮᠦ ᠶᠢᠨ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠵᠡᠷᠭᠡ ᠪᠠᠷ ᠲᠦᠯᠬᠢᠨ ᠠᠬᠢᠭᠤᠯᠵᠤ᠂ ᠬᠥᠮᠥᠰ ᠤᠨ | ᠤᠷᠤᠰᠢᠨ ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠠᠮᠢ ᠠᠬᠤᠢ ᠶᠢᠨ | ᠬᠠᠮᠠᠭᠠᠯᠠᠯᠲᠠ ᠶᠢᠨ ︽ᠬᠤᠣᠰ ᠡᠯᠪᠡᠭ ᠬᠤᠷᠢᠶᠠᠯᠲᠠ︾ ᠶᠢ ᠪᠡᠶᠡᠯᠡᠭᠦᠯᠪᠠ᠃ | ◆︽ᠬᠤᠪᠢ ᠬᠤᠷᠠᠮᠳᠤᠭᠤᠯᠬᠤ ᠳᠦᠷᠢᠮ + ᠰᠠᠶᠢᠨ ᠳᠤᠷ᠎ᠠ ᠶᠢᠨ ᠦᠢᠯᠡᠴᠢᠯᠡᠭᠡᠨ︾ ᠤ ᠵᠠᠭᠪᠤᠷ ᠢ | ᠡᠭᠦᠳᠴᠦ᠂ ᠭᠠᠴᠠᠭᠠᠨ ᠤ ᠲᠦᠷᠢᠮ ᠠᠷᠠᠳ ᠤᠨ ᠭᠡᠷ᠎ᠡ ᠶᠢᠨ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ | ᠳᠦᠷᠢᠮ ᠢ ᠬᠡᠷᠡᠭᠵᠢᠭᠦᠯᠵᠦ᠂ ᠬᠦᠷᠢᠶ᠎ᠡ ᠬᠠᠰᠢᠶ᠎ᠠ ᠶᠢ ᠴᠡᠭᠴᠡᠯᠡᠨ ᠵᠠᠰᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ | ᠠᠯᠪᠠᠨ ᠵᠢᠷᠤᠮ ᠤᠨ ᠬᠥᠳᠡᠯᠮᠦᠷᠢ ᠵᠡᠷᠭᠡ 12 ᠵᠦᠢᠯ ᠤᠨ ᠠᠭᠤᠯᠭ᠎ᠠ ᠶᠢ ᠬᠢᠨᠠᠨ ᠰᠢᠯᠭᠠᠯᠲᠠ ᠳᠤ ᠣᠷᠣᠭᠤᠯᠤᠨ᠂ | 2024 ᠣᠨ ᠤ ᠬᠤᠪᠢ ᠬᠤᠷᠠᠮᠳᠤᠭᠤᠯᠵᠤ ᠪᠤᠲᠠᠰ ᠰᠣᠯᠢᠬᠤ ᠶᠡᠭᠡ ᠬᠤᠷᠠᠯ ᠢ ᠬᠤᠷᠠᠯᠲᠤᠭᠤᠯᠵᠤ᠂ | ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ᠂ ᠡᠳᠦᠷ ᠲᠤᠲᠤᠮ ᠤᠨ ᠬᠢᠨᠠᠯᠲᠠ᠂ ᠲᠤᠬᠠᠢ ᠶᠢᠨ ᠲᠠᠯᠠᠪᠤᠷ ᠲᠤ ᠬᠤᠪᠢ | ᠲᠣᠭᠲᠠᠭᠠᠬᠤ ᠵᠡᠷᠭᠡ ᠬᠤᠪᠢ ᠬᠤᠷᠠᠮᠳᠤᠭᠤᠯᠬᠤ ᠪᠠᠷᠢᠮᠵᠢᠶ᠎ᠠ ᠪᠠᠷ ᠨᠢᠭᠡ ᠲᠠᠰ 4 ᠡᠷᠦᠬᠡ᠂ ᠬᠤᠶᠠᠲᠤᠭᠠᠷ ᠲᠠᠰ 7 | ᠡᠷᠦᠬᠡ᠂ ᠭᠤᠷᠪᠠᠲᠤᠭᠠᠷ ᠲᠠᠰ 11 ᠡᠷᠦᠬᠡ᠂ ᠲᠤᠷᠪᠠᠲᠤᠬᠡᠷ ᠲᠠᠰ 15 ᠡᠷᠦᠬᠡ ᠶᠢ ᠦᠨᠡᠯᠡᠨ ᠲᠣᠭᠲᠠᠭᠠᠬᠤ ᠶᠢᠨ | ᠬᠠᠮᠲᠤ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠤᠲᠤᠷᠢᠲᠤᠨ᠂ ᠰᠠᠶᠢᠨ | ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠣᠷᠣᠰᠢᠨ ᠰᠠᠭᠤᠬᠤ ᠣᠷᠴᠢᠨ ᠲᠣᠭᠤᠷᠢᠨ ᠤ ᠤᠬᠠᠭᠤᠯᠭ᠎ᠠ᠂ | ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡ ᠶᠢ 50 ᠭᠠᠷᠤᠢ ᠲᠠᠯᠠᠪᠠᠢ ᠥᠷᠨᠢᠭᠦᠯᠵᠦ᠂ 300 | ᠭᠠᠷᠤᠢ ᠬᠥᠮᠥᠨ ᠤᠳᠠᠭ᠎ᠠ ᠣᠷᠣᠯᠴᠠᠪᠠ᠃ |