ᠲᠠᠭᠤᠲᠤᠨᠠᠭᠤᠷ ᠪᠠᠯᠭᠠᠰᠤ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ︽ᠦᠨᠳᠦᠰᠦᠲᠡᠨ ᠤ ᠪᠦᠯᠬᠦᠮᠳᠡᠯ ᠤᠨ ᠦᠢᠯᠡᠳᠦᠯᠭᠡ ᠶᠢ ᠠᠷᠠᠳ ᠲᠤ ᠠᠰᠢᠭ ᠬᠦᠷᠲᠡᠭᠡᠵᠦ ᠮᠠᠯᠴᠢᠳ ᠤᠨ ᠰᠡᠳᠬᠢᠯ ᠢ ᠳᠤᠯᠠᠭᠠᠴᠠᠭᠤᠯᠬᠤ︾ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2025/5/30
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 5 ᠰᠠᠷ᠎ᠠ ᠶᠢᠨ 20᠎ ᠤ ᠡᠳᠦᠷ᠂ ᠲᠠᠭᠤᠲᠤᠨᠠᠭᠤᠷ ᠪᠠᠯᠭᠠᠰᠤ ᠎ ᠨᠢ ︽ᠦᠨᠳᠦᠰᠦᠲᠡᠨ ᠤ ᠪᠦᠯᠬᠦᠮᠳᠡᠯ ᠤᠨ ᠦᠢᠯᠡᠳᠦᠯᠭᠡ ᠶᠢ ᠠᠷᠠᠳ ᠲᠤ ᠠᠰᠢᠭ ᠬᠦᠷᠲᠡᠭᠡᠵᠦ ᠮᠠᠯᠴᠢᠳ ᠤᠨ ᠰᠡᠳᠬᠢᠯ ᠢ ᠳᠤᠯᠠᠭᠠᠴᠠᠭᠤᠯᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ       ᠬᠡᠯᠲᠡᠰ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠰᠢᠷᠢᠰ ᠠᠵᠢᠯᠯᠠᠭ᠎ᠠ ᠶᠢ ᠡᠷᠭᠢᠯᠡᠵᠦ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 80 ᠭᠠᠷᠤᠢ ᠬᠥᠮᠥᠨ ᠣᠷᠣᠯᠴᠠᠵᠠᠢ᠃      ᠤᠯᠠᠨ  ᠲᠦᠷᠦᠯ ᠎ ᠢᠶᠠᠷ  ᠤᠬᠠᠭᠤᠯᠤᠨ ᠬᠠᠮᠲᠤ ᠶᠢᠨ ᠲᠠᠨᠢᠯᠲᠠ ᠶᠢ ᠪᠤᠢ ᠪᠣᠯᠭᠠᠵᠤ᠂ ᠰᠡᠳᠬᠢᠯ  ᠨᠢᠭᠡᠳᠬᠡᠵᠦ ᠪᠦᠯᠬᠦᠮᠳᠡᠯ ᠎ ᠢ ᠬᠠᠮᠲᠤᠪᠠᠷ ᠴᠤᠭᠴᠠᠯᠠᠪᠠ      ᠭᠦᠳᠡᠯᠭᠡᠭᠡᠨ ᠤ ᠡᠬᠢᠨ ᠳᠤ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠲᠠᠯᠢᠨᠳᠣᠶᠠᠭ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ         ᠪᠠᠲᠤᠳᠬᠠᠬᠤ︾  ᠭᠤᠣᠯ ᠰᠢᠵᠢᠮ ᠤᠨ ᠲᠣᠭᠤᠷᠢᠨ ᠳᠤ ᠲᠠᠶᠢᠯᠤᠮᠵᠢ ᠬᠢᠵᠦ᠂ ︽ᠭᠤᠷᠪᠠᠨ ᠰᠠᠯᠵᠤ ᠴᠢᠳᠠᠬᠤ         ᠦᠭᠡᠢ︾᠂  ︽ᠳᠥᠷᠪᠡ ᠶᠢ ᠬᠠᠮᠲᠤᠳᠬᠠᠬᠤ︾᠂ ︽ᠲᠠᠪᠤᠨ  ᠲᠠᠨᠢᠯᠳᠠ︾ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠠᠢ᠃ ᠡᠭᠦᠨ ᠤ ᠬᠠᠮᠲᠤ᠂  ᠠᠬᠤᠢ ᠲᠠᠯᠠᠪᠠᠢ ᠳᠤ ᠪᠠᠰᠠ ᠨᠣᠮ ᠪᠡᠯᠡᠭᠯᠡᠬᠦ ᠠᠵᠢᠯᠯᠠᠭ᠎ᠠ ᠥᠷᠨᠢᠭᠦᠯᠵᠦ᠂ ᠨᠠᠷᠢᠨ ᠨᠢᠮᠪᠠᠢ ᠰᠣᠩᠭᠤᠭᠰᠠᠨ ᠨᠣᠮ ᠪᠢᠴᠢᠭ ᠢ ᠮᠠᠯᠴᠢᠨ ᠲᠦᠮᠡᠨ ᠳᠤ ᠬᠦᠷᠭᠡᠵᠦ᠂ ᠤᠯᠠᠨ ᠢ ᠬᠠᠪᠰᠤᠷᠤᠨ ᠨᠣᠮ ᠤᠩᠰᠢᠵᠤ ᠰᠤᠷᠤᠯᠴᠠᠬᠤ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠣᠶᠢᠯᠠᠭᠠᠯᠲᠠ ᠪᠠ  ᠲᠦᠷᠦᠭᠳᠡᠯ  ᠢ‌ᠤᠯᠠᠮ ᠴᠢᠨᠠᠭᠰᠢᠳᠠ ᠭᠦᠨᠵᠡᠭᠡᠶᠢᠷᠡᠭᠦᠯᠵᠡᠢ᠃      ᠳᠠᠷᠠᠭ᠎ᠠ ᠳᠤ ᠨᠢ᠂ ᠰᠢᠨ᠎ᠡ ᠰᠦᠮ᠎ᠡ ᠳᠤ ᠬᠦᠷᠴᠦ᠂ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠱᠠᠰᠢᠨ ᠰᠤᠷᠲᠠᠬᠤᠨ ᠤ ᠲᠠᠯᠠᠪᠤᠷ ᠲᠤ ᠣᠷᠣᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃ ᠠᠵᠢᠯᠲᠠᠳ ᠲᠤᠬᠠᠢ ᠶᠢᠨ ᠲᠠᠯᠠᠪᠤᠷ ᠲᠤ ᠪᠠᠶᠢᠭᠰᠠᠨ ᠱᠠᠰᠢᠨ ᠰᠤᠷᠲᠠᠬᠤᠨ ᠤ ᠠᠵᠢᠯᠲᠠᠨ ᠪᠣᠯᠣᠨ ᠱᠠᠰᠢᠨ ᠰᠢᠲᠦᠳᠡᠭ ᠣᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠴᠠᠭ ᠦᠶ᠎ᠡ ᠶᠢᠨ ᠠᠭᠤᠰᠤᠯᠴᠠᠯ ᠢ ᠠᠬᠢᠭᠤᠯᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠪᠠ᠃      ᠠᠯᠪᠠᠨ ᠵᠢᠷᠤᠮ ᠤᠨ ᠡᠮᠴᠢᠯᠡᠭᠡ ᠨᠢ ᠠᠷᠠᠳ ᠲᠤ ᠠᠰᠢᠭ ᠬᠦᠷᠲᠡᠭᠡᠵᠦ᠂ ᠡᠷᠡᠭᠦᠯ ᠮᠡᠨᠳᠦ ᠶᠢᠨ ᠮᠡᠳᠡᠯᠭᠡ ᠶᠢ ᠮᠠᠯᠵᠢᠬᠤ ᠣᠷᠣᠨ ᠳᠤ ᠬᠦᠷᠭᠡᠪᠡ      ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠶᠢᠨ ᠦᠢᠯᠡᠴᠢᠯᠡᠭᠡᠨ ᠤ ᠲᠠᠯ᠎ᠠ ᠪᠠᠷ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠬᠢᠯᠡᠭᠴᠢ ᠡᠮᠴᠢ  ᠲᠤᠶᠠᠭ᠎ᠠ ᠶᠢ ᠲᠤᠰᠬᠠᠶᠢᠯᠠᠨ ᠤᠷᠢᠵᠤ᠂ ᠮᠠᠯᠵᠢᠬᠤ ᠣᠷᠣᠨ ᠳᠤ ᠪᠠᠶᠢᠩᠭᠤ ᠲᠣᠬᠢᠶᠠᠯᠳᠤᠳᠠᠭ ᠶᠠᠰᠤᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠵᠢᠷᠦᠬᠡ ᠲᠠᠷᠢᠬᠢᠨ ᠤ ᠴᠢᠰᠤᠨ ᠰᠤᠳᠠᠯ ᠵᠡᠷᠭᠡ ᠡᠪᠡᠳᠴᠢᠨ ᠡᠮᠭᠡᠭ ᠤᠨ ᠲᠣᠭᠤᠷᠢᠨ ᠳᠤ ᠮᠠᠯᠴᠢᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠠᠰᠠᠭᠤᠨ ᠣᠨᠣᠰᠢᠯᠠᠬᠤ᠂ ᠡᠪᠡᠳᠴᠢᠨ ᠡᠮᠭᠡᠭ ᠢ ᠣᠨᠣᠰᠢᠯᠠᠬᠤ ᠵᠢᠴᠢ ᠡᠷᠡᠭᠦᠯ ᠮᠡᠨᠳᠦ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠨᠡᠶᠢᠲᠡ 80 ᠭᠠᠷᠤᠢ ᠬᠥᠮᠥᠨ ᠠᠯᠪᠠᠨ ᠵᠢᠷᠤᠮ ᠤᠨ ᠡᠮᠴᠢᠯᠡᠭᠡ ᠬᠢᠯᠭᠡᠵᠡᠢ᠃ ᠡᠭᠦᠨ ᠤ ᠬᠠᠮᠲᠤ᠂ ᠡᠷᠡᠭᠦᠯ ᠮᠡᠨᠳᠦ ᠶᠢᠨ ᠮᠡᠳᠡᠯᠭᠡ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳᠦᠷ ᠲᠤᠲᠤᠮ ᠤᠨ ᠡᠷᠡᠭᠦᠯᠵᠢᠯ᠂ ᠵᠦᠢ ᠵᠣᠬᠢᠰᠲᠠᠢ ᠪᠠᠷ ᠡᠮ ᠬᠡᠷᠡᠭᠯᠡᠬᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠪᠠᠰᠠ ᠦᠨᠳᠦᠰᠦᠲᠡᠨ ᠤ ᠣᠨᠴᠠᠯᠢᠭ ᠪᠦᠬᠦᠢ ᠡᠷᠡᠭᠦᠯ ᠮᠡᠨᠳᠦ ᠶᠢᠨ ᠮᠡᠳᠡᠯᠭᠡ ᠶᠢᠨ ᠬᠡᠰᠡᠭ ᠢ ᠣᠨᠴᠠᠭᠠᠶᠢᠯᠠᠨ ᠲᠣᠬᠢᠷᠠᠭᠤᠯᠵᠤ᠂ ᠦᠨᠳᠦᠰᠦᠲᠡᠨ ᠨᠦᠭᠦᠳ ᠤᠨ ᠡᠷᠡᠭᠦᠯ ᠮᠡᠨᠳᠦ ᠶᠢᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠂ ᠮᠠᠯᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃      ᠮᠡᠷᠭᠡᠵᠢᠯ ᠤᠨ ᠪᠤᠯᠪᠠᠰᠤᠷᠠᠯ ᠢᠶᠠᠷ ᠴᠢᠳᠠᠪᠤᠷᠢ ᠪᠠᠨ ᠴᠢᠩᠭᠠᠳᠬᠠᠵᠤ᠂ ᠬᠠᠷᠢᠯᠴᠠᠨ  ᠰᠤᠷᠤᠯᠴᠠᠵᠤ᠂  ᠮᠠᠯ ᠠᠵᠤ ᠠᠬᠤᠢ ᠳᠤ  ᠦᠢᠯᠡᠴᠢᠯᠡᠭᠡ ᠦᠵᠡᠬᠦᠯᠪᠡ      ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠎ ᠶᠢᠨ ᠪᠠᠭᠰᠢ᠂ ᠫᠷᠤᠹᠧᠰᠰᠤᠷ᠂ ᠤᠯᠤᠰ ᠤᠨ ᠲᠤᠰᠬᠠᠢ ᠬᠢᠷᠢ ᠬᠡᠮ ᠲᠠᠢ‌ᠮᠠᠯ ᠤᠨ ᠡᠮᠴᠢ  ᠰᠤᠶᠤᠯ᠎ᠠ  ᠶᠢ ᠣᠨᠴᠠᠭᠠᠶᠢᠯᠠᠨ ᠤᠷᠢᠵᠤ ᠮᠠᠯ ᠠᠵᠤ ᠠᠬᠤᠢ ᠶᠢᠨ ᠮᠡᠷᠭᠡᠵᠢᠯ ᠤᠨ ᠪᠣᠯᠪᠠᠰᠤᠷᠠᠯ ᠤᠨ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ᠃ ᠮᠠᠯ ᠡᠮᠨᠡᠯᠭᠡ ᠶᠢᠨ ᠲᠤᠰᠬᠠᠢ ᠮᠡᠷᠭᠡᠵᠢᠯᠲᠡᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ ᠪᠠᠶᠢᠩᠭᠤ ᠲᠣᠬᠢᠶᠠᠯᠳᠤᠬᠤ ᠠᠮᠢᠲᠠᠨ ᠤ ᠬᠢᠵᠢᠭ ᠡᠪᠡᠳᠴᠢᠨ ᠤ ᠡᠪᠡᠳᠴᠢᠨ ᠤ ᠪᠠᠶᠢᠳᠠᠯ᠂ ᠬᠠᠯᠳᠠᠪᠤᠷᠢᠯᠠᠬᠤ ᠠᠷᠭ᠎ᠠ ᠵᠠᠮ᠂ ᠤᠷᠢᠳᠴᠢᠯᠠᠨ ᠰᠡᠷᠭᠡᠶᠢᠯᠡᠬᠦ ᠵᠢᠴᠢ ᠡᠮᠨᠡᠨ ᠵᠠᠰᠠᠬᠤ ᠠᠷᠭ᠎ᠠ ᠶᠢ ᠨᠠᠷᠢᠨ ᠲᠠᠶᠢᠯᠪᠤᠷᠢᠯᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ᠂  ᠬᠡᠬᠡᠯᠲᠦᠭᠦᠯᠬᠦ ᠮᠡᠷᠭᠡᠵᠢᠯ᠂ ᠪᠣᠷᠳᠣᠭᠠᠨ ᠤ ᠨᠠᠶᠢᠷᠠᠯᠭ᠎ᠠ ᠶᠢ ᠰᠢᠯᠢᠳᠡᠭᠵᠢᠭᠦᠯᠬᠦ ᠵᠡᠷᠭᠡ ᠪᠣᠳᠠᠲᠤ ᠬᠡᠷᠡᠭᠯᠡᠭᠡᠨ ᠤ ᠮᠡᠳᠡᠯᠭᠡ ᠶᠢ  ᠬᠤᠪᠢᠶᠠᠯᠴᠠᠨ᠂ ᠮᠠᠯᠴᠢᠳ ᠤᠨ ᠲᠡᠵᠢᠭᠡᠨ ᠦᠷᠡᠵᠢᠭᠦᠯᠬᠦ ᠮᠡᠷᠭᠡᠵᠢᠯ ᠴᠢᠳᠠᠪᠤᠷᠢ ᠪᠣᠯᠣᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠮᠠᠯ ᠠᠵᠤ ᠠᠬᠤᠢ ᠶᠢᠨ ᠮᠡᠷᠭᠡᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠨᠢ ᠮᠠᠯᠴᠢᠳ ᠪᠣᠯᠣᠨ ᠲᠤᠰᠬᠠᠢ ᠮᠡᠷᠭᠡᠵᠢᠯᠲᠡᠳ ᠲᠤ ᠬᠠᠷᠢᠯᠴᠠᠨ ᠦᠢᠯᠡᠳᠦᠯᠴᠡᠬᠦ ᠲᠠᠪᠴᠠᠩ ᠪᠠᠶᠢᠭᠤᠯᠤᠨ ᠥᠭᠴᠦ᠂ ᠮᠠᠯᠴᠢᠳ ᠤᠨ ᠦᠷᠭᠦᠯᠵᠢ ᠲᠣᠬᠢᠶᠠᠯᠳᠤᠳᠠᠭ ᠬᠦᠴᠢᠷ ᠲᠦᠪᠡᠭᠲᠡᠢ ᠡᠪᠡᠳᠴᠢᠨ ᠢ ᠡᠮᠨᠡᠨ ᠵᠠᠰᠠᠬᠤ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ᠂ ᠦᠨᠳᠦᠰᠦᠲᠡᠨ ᠨᠦᠭᠦᠳ ᠤᠨ ᠮᠠᠯ ᠠᠵᠤ ᠠᠬᠤᠢ ᠶᠢᠨ ᠬᠦᠷᠢᠶᠡᠨ ᠳᠤ ᠬᠠᠷᠢᠯᠴᠠᠨ ᠰᠤᠷᠤᠯᠴᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠤᠷᠤᠭᠰᠢᠯᠠᠬᠤ ᠶᠢ ᠲᠦᠯᠬᠢᠨ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠲᠠᠭᠤᠲᠤᠨᠠᠭᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠣᠨᠣᠯ ᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠣᠯᠠᠨ ᠲᠦᠮᠡᠨ ᠤ ᠰᠠᠭᠤᠷᠢ ᠶᠢ ᠪᠠᠲᠤᠳᠬᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ         ᠠᠬᠢᠭᠤᠯᠵᠤ᠂ ᠪᠥᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠲᠦᠯᠬᠢᠨ  ᠠᠬᠢᠭᠤᠯᠤᠨ᠎ᠠ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号