ᠳᠠᠭᠤᠳᠤᠨᠠᠭᠤᠷ ᠪᠠᠯᠭᠠᠰᠤᠨ ᠤ ᠵᠢᠷᠭᠠᠯᠠᠩᠲᠦ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠭᠡᠷ ᠪᠦᠯᠢ ᠶᠢᠨ ᠰᠤᠷᠭᠠᠨ ᠬᠥᠮᠦᠵᠢᠯ ᠢ ᠴᠢᠬᠤᠯᠠᠴᠢᠯᠠᠵᠦ᠂ ᠬᠡᠤᠬᠡᠳ ᠪᠠᠭᠠᠴᠤᠳ ᠲᠠᠢ ᠪᠠᠨ ᠬᠠᠮᠳᠤ ᠪᠠᠷ ᠦᠰᠦᠨ ᠪᠤᠶᠢᠵᠢᠶ᠎ᠠ︾ ᠬᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/30
      ᠭᠡᠷ ᠤᠨ ᠰᠤᠷᠭᠠᠨ ᠬᠥᠮᠦᠵᠢᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ ᠲᠥᠯᠥᠭᠡ᠂ ᠳᠠᠭᠤᠳᠤᠨᠠᠭᠤᠷ ᠪᠠᠯᠭᠠᠰᠤᠨ ᠤ ᠵᠢᠷᠭᠠᠯᠠᠩᠲᠦ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ 2025 ᠤᠨ ᠤ 5 ᠰᠠᠷ᠎ᠠ ᠶᠢᠨ 25᠎ ᠤ ᠡᠳᠦᠷ᠂ ︽ᠭᠡᠷ ᠪᠦᠯᠢ ᠭᠡᠷ ᠤᠨ ᠰᠤᠷᠭᠠᠨ ᠬᠥᠮᠦᠵᠢᠯ ᠢ ᠴᠢᠬᠤᠯᠠᠴᠢᠯᠠᠵᠦ᠂ ᠬᠡᠤᠬᠡᠳ ᠪᠠᠭᠠᠴᠤᠳ ᠲᠠᠢ ᠪᠠᠨ ᠬᠠᠮᠳᠤ ᠪᠠᠷ ᠦᠰᠦᠨ ᠪᠤᠶᠢᠵᠢᠶ᠎ᠠ︾ ᠬᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠭᠡᠷ ᠤᠨ ᠰᠤᠷᠭᠠᠨ ᠬᠥᠮᠦᠵᠢᠯ ᠤᠨ ᠪᠠᠶᠢᠭᠤᠯᠤᠯᠲᠠ ᠪᠣᠯᠣᠨ ᠬᠡᠦᠬᠡᠳ ᠢ ᠬᠠᠯᠠᠮᠵᠢᠯᠠᠨ ᠲᠡᠳᠬᠦᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ  ᠴᠢᠷᠮᠠᠶᠢᠪᠠ᠃      ᠠᠵᠢᠯᠯᠠᠭᠠᠨ ᠳᠤ᠂ ᠵᠢᠷᠭᠠᠯᠠᠩᠲᠦ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠢᠲᠡᠭᠡᠯ ᠬᠦᠨᠳᠦᠲᠡᠢ ᠨᠠᠰᠤᠳᠠᠳ ᠢ ᠣᠨᠴᠠᠭᠠᠶᠢᠯᠠᠨ ᠤᠷᠢᠵᠤ᠂ ᠲᠡᠳᠡᠨ ᠤ ᠭᠡᠷ ᠤᠨ ᠰᠤᠷᠭᠠᠯ᠂ ᠭᠡᠷ ᠤᠨ ᠰᠤᠷᠲᠠᠯ ᠤᠨ ᠲᠤᠬᠠᠢ ᠭᠦᠨ ᠭᠦᠨᠵᠡᠭᠡᠢ ᠦᠵᠡᠯᠲᠡ ᠶᠢ ᠨᠢ ᠬᠤᠪᠢᠶᠠᠯᠴᠠᠪᠠ᠃ ᠨᠠᠰᠤᠲᠠᠳ ᠭᠡᠷ ᠤᠨ ᠰᠤᠷᠲᠠᠯ ᠪᠣᠯ ᠨᠢᠭᠡᠨ ᠭᠡᠷ ᠪᠦᠯᠢ ᠶᠢᠨ ᠰᠦᠭ ᠰᠦᠨᠡᠰᠦ ᠮᠥᠨ᠂ ᠲᠡᠷᠡ ᠨᠢ ᠬᠡᠦᠬᠡᠳ ᠤᠨ ᠨᠢᠭᠡ ᠨᠠᠰᠤ ᠶᠢ ᠭᠦᠨ ᠨᠥᠯᠥᠭᠡᠯᠡᠳᠡᠭ ᠭᠡᠵᠦ ᠵᠢᠭᠠᠵᠤ ᠭᠠᠷᠭᠠᠪᠠ᠃ ᠲᠡᠳᠡ ᠵᠠᠯᠠᠭᠤ ᠨᠢᠭᠡ ᠦᠶ᠎ᠡ ᠶᠢᠨ ᠬᠢᠨ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠵᠥᠪ ᠥᠷᠲᠡᠭ ᠤᠨ ᠦᠵᠡᠯᠲᠡ ᠪᠠᠷ ᠬᠡᠦᠬᠡᠳ ᠢᠶᠠᠨ ᠬᠥᠮᠥᠵᠢᠭᠦᠯᠵᠦ᠂ ᠲᠡᠳᠡᠨ ᠢ ᠬᠠᠷᠢᠭᠤᠴᠠᠯᠭᠠᠲᠤ ᠰᠡᠳᠬᠢᠯᠭᠡ ᠲᠠᠢ᠂ ᠶᠣᠰᠣ ᠮᠣᠷᠠᠯ ᠲᠠᠢ ᠬᠥᠮᠥᠨ ᠪᠣᠯᠭᠠᠨ ᠬᠥᠮᠥᠵᠢᠭᠦᠯᠬᠦ ᠶᠢ ᠬᠦᠰᠡᠳᠡᠭ᠃ ᠨᠠᠰᠤᠲᠠᠶᠢᠴᠤᠳ ᠰᠠᠶᠢᠨ ᠰᠠᠶᠢᠬᠠᠨ ᠢᠶᠠᠷ ᠬᠡᠦᠬᠡᠳ  ᠢ ᠬᠥᠲᠥᠯᠥᠨ ᠵᠢᠯᠤᠭᠤᠳᠴᠤ᠂ ᠲᠡᠳᠡᠨ ᠢ ᠰᠠᠶᠢᠨ ᠰᠠᠶᠢᠬᠠᠨ ᠭᠡᠷ ᠤᠨ ᠰᠤᠷᠲᠠᠯ ᠤᠨ ᠳᠤᠮᠳᠠ ᠡᠷᠡᠭᠦᠯ ᠎ ᠢᠶᠠᠷ ᠥᠰᠬᠡᠨ ᠪᠣᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠶᠢᠮᠦᠷᠬᠦ ᠰᠣᠯᠢᠯᠴᠠᠭ᠎ᠠ ᠪᠠᠷ ᠳᠡᠮᠵᠢᠨ᠂ ᠭᠡᠷ ᠤᠨ ᠠᠬᠠᠮᠠᠳ ᠭᠡᠷ ᠤᠨ ᠰᠤᠷᠭᠠᠯ ᠭᠡᠷ ᠤᠨ ᠰᠤᠷᠲᠠᠯ ᠤᠨ ᠴᠢᠬᠤᠯᠠ ᠴᠢᠨᠠᠷ ᠢ ᠨᠠᠩ ᠭᠦᠨᠵᠡᠭᠡᠢ ᠲᠠᠨᠢᠵᠤ᠂ ᠡᠷᠡᠭᠦᠯ ᠰᠠᠷᠠᠭᠤᠯ ᠭᠡᠷ ᠪᠦᠯᠢ ᠶᠢᠨ ᠬᠥᠮᠦᠵᠢᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠬᠡᠦᠬᠡᠳ ᠤᠨ ᠦᠰᠦᠨ ᠪᠤᠶᠢᠵᠢᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠢᠯᠡᠷᠬᠡᠶᠢᠯᠡᠭᠰᠡᠨ ᠪᠠᠶᠢᠨ᠎ᠠ᠃      ︽6 · 1︾᠎ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠡᠦᠬᠡᠳ ᠲᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠭᠦᠨ ᠬᠦᠷᠲᠡᠭᠡᠬᠦ ᠶᠢᠨ ᠲᠥᠯᠥᠭᠡ᠂ ᠵᠢᠷᠭᠠᠯᠠᠩᠲᠦ ᠭᠠᠴᠠᠭᠠᠨ ᠤ 20 ᠨᠡᠷ᠎ᠡ ︽ᠬᠠᠯᠠᠭᠤᠨ ᠰᠡᠳᠬᠢᠯᠲᠦ ᠠᠨᠢᠶ᠎ᠠ︾ 20 ᠬᠡᠦᠬᠡᠳ ᠲᠤ ᠨᠣᠮ ᠪᠢᠴᠢᠭ᠂ ᠪᠢᠴᠢᠭ ᠤᠨ ᠬᠡᠷᠡᠭᠰᠡᠯ᠂ ᠰᠠᠭᠰᠤᠨ ᠪᠥᠮᠪᠦᠭᠡ᠂ ᠬᠥᠯ ᠪᠥᠮᠪᠦᠭᠡ᠂ ᠦᠳᠦᠨ ᠪᠥᠮᠪᠦᠭᠡ ᠵᠡᠷᠭᠡ ᠶᠢ ᠪᠠᠭᠲᠠᠭᠠᠭᠰᠠᠨ 2000 ᠲᠥᠭᠦᠷᠢᠭ ᠤᠨ ᠪᠡᠯᠡᠭ ᠬᠦᠷᠭᠡᠵᠦ᠂ ᠬᠡᠦᠬᠡᠳ ᠤᠨ ᠰᠤᠷᠤᠯᠭ᠎ᠠ ᠪᠣᠯᠣᠨ ᠬᠢᠴᠢᠶᠡᠯ ᠤᠨ ᠭᠠᠳᠠᠨᠠᠬᠢ ᠠᠮᠢᠳᠤᠷᠠᠯ ᠳᠤ ᠪᠣᠳᠠᠲᠠᠢ ᠳᠡᠮᠵᠢᠯᠭᠡ ᠬᠠᠩᠭᠠᠪᠠ᠃ ︽ᠬᠠᠯᠠᠭᠤᠨ ᠰᠡᠳᠬᠢᠯᠲᠦ ᠠᠨᠢᠶ᠎ᠠ︾ ᠨᠠᠷ ᠳᠣᠲᠣᠨᠣ ᠦᠭᠡ ᠶᠠᠷᠢᠶ᠎ᠠ ᠪᠠᠷ ᠬᠡᠦᠬᠡᠳ ᠤᠨ ᠢᠶᠠᠨ ᠡᠳᠦᠷ ᠲᠤᠳᠤᠮ ᠤᠨ ᠠᠮᠢᠳᠤᠷᠠᠯ ᠢ ᠬᠠᠯᠠᠮᠵᠢᠯᠠᠵᠤ᠂ ᠬᠡᠦᠬᠡᠳ ᠤᠳ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠭ᠋ᠤ ᠶᠢᠨ ᠬᠠᠮᠲᠤ ᠰᠢᠯᠢᠳᠡᠭ ᠬᠢᠷᠢ ᠪᠦᠲᠦᠮᠵᠢ ᠪᠠᠷ ᠨᠡᠶᠢᠭᠡᠮ ᠤᠨ ᠬᠠᠶᠢᠷ᠎ᠠ ᠬᠠᠯᠠᠮᠵᠢ ᠶᠢᠨ ᠠᠴᠢ ᠶᠢ ᠬᠠᠷᠢᠭᠤᠯᠬᠤ  ᠬᠡᠷᠡᠭᠲᠠᠢ ᠬᠡᠪᠡ᠃      ᠳᠠᠷᠠᠭᠠᠴᠢ ᠶᠢᠨ ᠠᠯᠬᠤᠮ ᠳᠤ᠂ ᠵᠢᠷᠭᠠᠯᠠᠩᠲᠦ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠦ ᠬᠤᠷᠠᠯ ᠠᠴᠠ ᠡᠮᠡᠭᠲᠡᠶᠢᠴᠦᠳ ᠬᠡᠦᠬᠡᠳ ᠤᠨ ᠭᠡᠷ ᠪᠦᠯᠢ ᠳᠤ ᠦᠷᠭᠦᠯᠵᠢᠯᠡᠨ ᠬᠠᠶᠢᠷ᠎ᠠ ᠬᠠᠯᠠᠮᠵᠢ ᠬᠦᠷᠭᠡᠵᠦ᠂ ᠰᠢᠨᠵᠢᠯᠡᠬᠦ ᠤᠬᠠᠭᠠᠨᠴᠢ ᠭᠡᠷ ᠪᠦᠯᠢ ᠶᠢᠨ ᠬᠥᠮᠦᠵᠢᠯ ᠤᠨ ᠣᠶᠢᠯᠠᠭᠠᠭᠳᠠᠬᠤᠨ ᠢ ᠤᠯᠠᠮᠵᠢᠯᠠᠵᠤ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠬᠠᠤᠯᠢ ᠳᠦᠷᠢᠮ ᠢ ᠤᠬᠠᠭᠤᠯᠵᠤ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠳᠤ ᠬᠠᠶᠢᠷ᠎ᠠ ᠶᠢᠨ ᠣᠭᠲᠠᠷᠭᠤᠢ ᠶᠢ ᠲᠤᠯᠭᠠᠭᠤᠷᠢᠯᠠᠵᠤ᠂ ᠡᠮᠡᠭᠲᠡᠶᠢᠴᠦᠳ ᠤᠨ ᠥᠪᠡᠷᠮᠢᠴᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号