ᠬᠠᠳᠠᠪᠴᠢ ᠪᠠᠯᠭᠠᠰᠤ ︽ᠤᠮᠠᠷᠠᠳᠤ ᠬᠢᠯᠢ ᠳᠠᠬᠢ ᠨᠤᠮ ᠲᠠᠢ ᠤᠴᠠᠷᠠᠯ︾ ᠳᠡᠯᠡᠬᠡᠢ ᠶᠢᠨ ᠨᠤᠮ ᠤᠩᠰᠢᠬᠤ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/7
      ᠶᠡᠷᠦᠩᠬᠡᠢ ᠱᠦᠵᠢ ᠰᠢ ᠶᠢᠨ ᠫᠢᠩ ᠤᠨ ᠰᠤᠶᠤᠯ ᠤᠨ ᠢᠲᠡᠭᠡᠯ ᠤᠨ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠳᠤᠭᠤᠰᠢᠯᠠᠭᠤᠯᠵᠤ᠂ ᠪᠦᠬᠦ ᠠᠷᠠᠳ ᠤᠨ ᠤᠩᠰᠢᠯᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠦᠯᠦᠭᠡ᠂ 4  ᠰᠠᠷ᠎ᠠ ᠶᠢᠨ 19᠎ ᠤ ᠡᠳᠦᠷ᠂ ᠬᠠᠳᠠᠪᠴᠢ ᠪᠠᠯᠭᠠᠰᠤ ︽ᠤᠮᠠᠷᠠᠳᠤ ᠬᠢᠯᠢ ᠳᠠᠬᠢ ᠨᠤᠮ ᠲᠠᠢ ᠤᠴᠠᠷᠠᠯ︾ ᠭᠤᠤᠯ ᠰᠡᠲᠦᠪᠲᠦ ᠳᠡᠯᠡᠬᠡᠢ ᠶᠢᠨ ᠨᠤᠮ ᠤᠩᠰᠢᠬᠤ ᠡᠳᠦᠷ ᠤᠨ ᠰᠢᠷᠢᠰ ᠠᠵᠢᠯᠯᠠᠭ᠎ᠠ ᠦᠷᠨᠢᠭᠦᠯᠵᠦ᠂  ᠰᠤᠶᠤᠯ ᠪᠠ ᠦᠢᠯᠡᠳᠦᠯᠭᠡ ᠶᠢᠨ ᠲᠠᠪᠤᠨ ᠶᠡᠭᠡ ᠤᠨᠴᠠᠯᠢᠭᠲᠤ ᠬᠦᠳᠡᠯᠭᠡᠭᠡᠨ ᠢᠶᠠᠷ ᠭᠤᠴᠢ ᠭᠠᠷᠤᠢ ᠤᠩᠰᠢᠭᠴᠢᠳ ᠬᠦᠷᠦᠯᠴᠡᠨ ᠢᠷᠡᠵᠦ ᠤᠷᠤᠯᠴᠠᠵᠠᠢ᠃      ︽ᠪᠢᠴᠢᠭ︾᠎ ᠢᠶᠠᠷ ᠰᠠᠭᠤᠷᠢ ᠪᠤᠯᠭᠠᠨ᠂ ᠤᠯᠠᠮᠵᠢᠯᠠᠯᠲᠤ ᠰᠤᠶᠤᠯ ᠤᠨ ᠳᠡᠯᠭᠡᠷᠡᠭᠦᠯᠦᠯᠲᠡ ᠶᠢ ᠠᠬᠢᠭᠤᠯᠪᠠ      ᠲᠤᠬᠠᠢ ᠶᠢᠨ ᠲᠠᠯᠠᠪᠠᠢ ᠳᠤ᠂ ᠳᠦᠷᠢᠮᠵᠢᠭᠦᠨ ᠦᠰᠦᠭ ᠪᠢᠴᠢᠬᠦ ᠠᠵᠢᠯᠯᠠᠭ᠎ᠠ ᠡᠷᠴᠢᠮ ᠲᠠᠢ ᠶᠠᠪᠤᠭᠳᠠᠵᠠᠢ᠃ ᠵᠣᠬᠢᠶᠠᠨ ᠪᠠᠶᠢᠭᠤᠯᠤᠭᠴᠢ ᠡᠴᠡ‌‍ᠬᠡᠯᠡᠬᠦ ᠳᠤ ᠪᠠᠨ᠂ ᠤᠩᠰᠢᠭᠴᠢᠳ ᠡᠳᠦᠷ ᠪᠦᠷᠢ ᠶᠢᠨ ᠪᠤᠯᠪᠠᠰᠤᠷᠠᠯ ᠢ ᠪᠠᠷᠢᠮᠲᠠᠯᠠᠵᠤ᠂ ᠬᠠᠮᠤᠭ ᠤᠨ ᠰᠠᠭᠤᠷᠢ ᠪᠤᠯᠬᠤ ᠠᠴᠤᠭ ᠰᠢᠯᠪᠢ ᠠᠴᠠ ᠡᠬᠢᠯᠡᠨ ᠪᠦᠬᠦᠯᠢ ᠦᠰᠦᠭ ᠪᠤᠯᠲᠠᠯ᠎ᠠ ᠬᠡᠰᠡᠭ ᠬᠡᠰᠡᠭ ᠢᠶᠠᠷ ᠡᠵᠡᠮᠳᠡᠨ᠂ ᠪᠦᠬᠦ ᠵᠢᠯ ᠤᠨ ᠬᠤᠷᠠᠮᠳᠤᠭᠤᠯᠤᠭᠰᠠᠨ ᠢᠶᠠᠨ ᠲᠤᠬᠠᠶ ᠶᠢᠨ ᠲᠠᠯᠠᠪᠠᠢ ᠳᠤ ᠰᠢᠯᠭᠠᠷᠠᠭᠤᠯᠤᠯᠲᠠ ᠬᠢᠵᠦ᠂ ᠤᠷᠤᠯᠴᠠᠭᠴᠢ ᠨᠠᠷ ᠤᠨ ᠡᠮᠬᠢ ᠴᠡᠭᠴᠡ ᠲᠠᠢ ᠳᠦᠷᠢᠮᠵᠢᠭᠦᠨ ᠦᠰᠦᠭ ᠠᠴᠠ ᠳᠡᠳᠡᠨᠠᠷ ᠤᠨ ᠪᠠᠷᠢᠮᠲᠠᠯᠠᠯ ᠤᠨ ᠬᠠᠷᠢᠭᠤ ᠶᠢ ᠤᠯᠵᠤ ᠬᠠᠷᠠᠬᠤ ᠪᠤᠯᠤᠨ᠎ᠠ ᠭᠡᠯ᠎ᠡ᠃ ᠤᠳᠬ᠎ᠠ ᠵᠣᠬᠢᠶᠠᠯ ᠰᠤᠨᠤᠰᠴᠤ ᠪᠢᠴᠢᠬᠦ ᠰᠤᠷᠢᠯᠲᠠ ᠳᠤ᠂ ᠣᠷᠣᠯᠴᠠᠭᠰᠠᠳ ᠤᠨ ᠨᠤᠮ ᠪᠢᠴᠢᠭ᠂ ᠮᠡᠳᠡᠯᠭᠡ ᠶᠢᠨ ᠬᠤᠷᠠᠮᠳᠤᠯ ᠢ ᠰᠢᠯᠭᠠᠵᠤ᠂ ᠳᠡᠲᠡᠨ ᠤ ᠤᠶᠤᠨ ᠮᠡᠳᠡᠷᠡᠬᠦᠢ ᠪᠤᠯᠤᠨ ᠤᠩᠰᠢᠯᠭ᠎ᠠ ᠶᠢᠨ ᠲᠤᠬᠠᠢ ᠭᠤᠶᠢᠳᠠ ᠰᠠᠶᠢᠬᠠᠨ ᠢ ᠳᠠᠬᠢᠨ ᠡᠷᠭᠢᠴᠡᠭᠦᠯᠪᠡ᠃      ︽ᠰᠤᠷᠤᠯᠴᠠᠬᠤ︾ ᠎ ᠪᠠᠷ ᠠᠬᠢᠴᠠ ᠪᠤᠯᠭᠠᠨ᠂ ᠪᠦᠬᠦ ᠠᠷᠠᠳ ᠤᠨ ᠤᠩᠰᠢᠯᠭ᠎ᠠ ᠶᠢ ᠪᠤᠳᠠᠲᠠᠶᠢᠵᠢᠭᠤᠯᠪᠠ      ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ —ᠵᠦᠢᠷ ᠰᠡᠴᠡᠨ ᠦᠭᠡ ᠶᠢ ᠵᠠᠯᠭᠠᠨ ᠪᠢᠴᠢᠬᠦ︾ ᠥᠷᠢᠰᠥᠯᠳᠦᠭᠡᠨ ᠳᠤ᠂ ᠤᠷᠤᠯᠴᠠᠭᠴᠢᠳ ᠨᠢᠭᠡ ᠨᠢᠭᠡᠨ ᠤ ᠪᠠᠨ ᠬᠡᠯᠡᠭᠰᠡᠨ ᠵᠦᠢᠷ ᠰᠡᠴᠡᠨ ᠦᠭᠡ ᠶᠢ ᠦᠨᠳᠦᠰᠦᠯᠡᠨ᠂ ᠲᠠᠬᠢᠨ ᠰᠢᠨ᠎ᠡ ᠵᠦᠢᠷ ᠰᠡᠴᠡᠨ ᠦᠭᠡ ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ ᠤᠶᠤᠨ ᠤᠬᠠᠭᠠᠨ ᠪᠠ ᠤᠯᠠᠮᠵᠢᠯᠠᠯᠲᠤ ᠰᠣᠶᠣᠯ ᠠᠭᠤᠯᠵᠤ᠂ ᠤᠯᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠢ ᠨᠡᠩ ᠭᠦᠨᠵᠡᠭᠡᠢ ᠲᠠᠨᠢᠭᠤᠯᠵᠠᠢ᠃ ᠨᠣᠮ ᠭᠠᠳᠠᠷᠯᠠᠬᠤ ᠤᠷᠤᠯᠳᠤᠭᠠᠨ ᠳᠤ᠂ ᠤᠷᠤᠯᠴᠠᠭᠴᠢᠳ ᠦᠪᠡᠷ ᠤᠨ ᠰᠡᠳᠬᠢᠨ ᠪᠤᠳᠤᠬᠤ ᠴᠢᠳᠠᠪᠤᠷᠢ ᠪᠤᠯᠤᠨ ᠪᠦᠲᠦᠭᠡᠯᠴᠢ ᠰᠡᠳᠬᠢᠮᠵᠢ ᠪᠠᠷ ᠠᠳᠠᠯᠢ ᠪᠤᠰᠤ ᠥᠩᠭᠡᠲᠦ ᠬᠠᠭᠤᠳᠠᠰᠤ᠂ ᠨᠠᠭᠠᠭᠰᠠᠨ ᠴᠠᠭᠠᠰᠤ ᠪᠠᠷ ᠨᠣᠮ ᠤᠨ ᠳᠣᠲᠣᠷᠠᠬᠢ ᠦᠯᠢᠭᠡᠷ ᠢ ᠲᠤᠰᠬᠠᠵᠤ᠂ ᠨᠣᠮ ᠪᠢᠴᠢᠭ ᠢᠶᠠᠨ ᠦᠩᠭᠡ ᠶᠢᠨ ᠭᠠᠳᠠᠷ ᠢᠶᠠᠷ ᠭᠠᠳᠠᠷᠯᠠᠪᠠ᠃      ︽ᠨᠣᠮ︾᠎ ᠢᠶᠠᠷ ᠬᠡᠯᠬᠢᠶᠡᠰᠤ ᠪᠤᠯᠭᠠᠨ᠂ ᠣᠶᠤᠨ ᠰᠠᠨᠠᠭ᠎ᠠ ᠪᠠᠨ ᠵᠡᠪᠰᠡᠭᠯᠡᠪᠡ      ᠨᠣᠮ ᠤᠨ ᠬᠤᠪᠢᠶᠠᠯᠴᠠᠭ᠎ᠠ ᠪᠠᠷ᠂ ᠤᠩᠰᠢᠭᠴᠢᠳ ᠬᠠᠮᠲᠤ ᠰᠠᠭᠤᠵᠤ᠂ ᠥᠪᠡᠷ ᠤᠨ ᠤᠩᠰᠢᠭᠰᠠᠨ ᠳᠤᠷᠠᠲᠠᠶ ᠨᠣᠮ ᠢᠶᠠᠨ ᠲᠠᠨᠢᠯᠴᠠᠭᠤᠯᠵᠤ᠂ ᠨᠣᠮ ᠳᠣᠲᠣᠷᠠᠬᠢ ᠭᠤᠶᠢᠳᠠ ᠰᠠᠶᠢᠬᠠᠨ ᠬᠡᠰᠡᠭ ᠢ ᠰᠡᠳᠬᠢᠯ ᠳᠡᠯᠪᠢᠨ ᠶᠠᠷᠢᠬᠤ ᠶᠢᠨ ᠬᠠᠮᠲᠤ ᠥᠪᠡᠷ ᠤᠨ ᠠᠮᠢᠳᠤᠷᠠᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠠᠢ᠃      ︽ᠰᠦᠯᠵᠢᠶᠡᠨ︾᠎ ᠤ ᠬᠦᠴᠦᠨ ᠳᠤ ᠲᠦᠪᠯᠡᠷᠡᠨ᠂ ᠪᠣᠯᠪᠠᠰᠤᠨ ᠤ ᠦᠶᠯᠡᠳᠦᠯᠭᠡ ᠶᠢ ᠰᠢᠨᠡᠴᠢᠯᠡᠪᠡ        ᠲᠠᠯ᠎ᠠ ᠨᠤᠲᠤᠭ ᠤᠨ ᠨᠣᠮ ᠤᠨ ᠥᠷᠥᠭᠡ ᠨᠢ ︽ᠰᠦᠯᠵᠢᠶᠡᠨ ᠳᠡᠭᠡᠷ᠎ᠡ ᠵᠢᠭᠡᠯᠡᠨ ᠤᠩᠰᠢᠬᠤ᠂ ᠰᠤᠷᠤᠯᠴᠠᠨ ᠰᠣᠯᠢᠯᠴᠠᠬᠤ᠂ ᠬᠤᠪᠢᠰᠬᠠᠯ ᠤᠨ ᠵᠣᠷᠢᠭ ᠰᠠᠨᠠᠭ᠎ᠠ᠂ ᠰᠠᠶᠢᠨ ᠳᠤᠷ᠎ᠠ ᠶᠢᠨ ᠦᠶᠯᠡᠴᠢᠯᠡᠭᠡ︾᠎ ᠶᠢ ᠨᠢᠭᠡ ᠴᠣᠭᠴᠠᠵᠢᠭᠤᠯᠤᠭᠰᠠᠨ ᠰᠣᠶᠣᠯ ᠤᠨ ᠦᠶᠯᠡᠴᠢᠯᠡᠭᠡᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ ᠸᠢᠴᠠᠲ ᠬᠤᠯᠪᠣᠭ᠎ᠠ ᠎ ᠪᠠᠷ ᠳᠠᠮᠵᠢᠭᠤᠯᠤᠨ ᠰᠢᠯᠢᠳᠡᠭ ᠵᠣᠬᠢᠶᠠᠯ ᠪᠦᠲᠦᠭᠡᠯ ᠢ ᠳᠠᠭᠠᠭᠤᠯᠤᠨ ᠤᠩᠰᠢᠬᠤ᠂ ᠡᠷᠲᠡᠨ ᠤ ᠰᠢᠯᠦᠭ ᠳᠠᠭᠤᠯᠠᠯ ᠢ ᠰᠤᠨᠤᠰᠴᠤ ᠪᠢᠴᠢᠬᠦ᠂ ᠵᠦᠶᠷ ᠰᠡᠴᠡᠨ ᠦᠭᠡ ᠶᠢ ᠳᠠᠭᠠᠭᠤᠯᠤᠨ ᠰᠤᠷᠤᠯᠴᠠᠬᠤ᠂ ᠳᠦᠷᠢᠮᠵᠢᠭᠦᠨ ᠦᠰᠦᠭ ᠪᠢᠴᠢᠬᠦ ᠶᠢ ᠪᠤᠯᠪᠠᠰᠤᠷᠠᠬᠤ ᠵᠡᠷᠭᠡ ᠠᠷᠭ᠎ᠠ ᠬᠡᠯᠪᠡᠷᠢ ᠪᠠᠷ ᠬᠠᠷᠢᠶ᠎ᠠ ᠣᠷᠣᠨ ᠤ ᠣᠯᠠᠨ ᠲᠦᠮᠡᠨ ᠤ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠶᠯᠡᠴᠢᠯᠡᠭᠡᠨ ᠤ ᠦᠷ᠎ᠡ ᠪᠦᠲᠦᠮᠵᠢ ᠎ ᠶᠢ ᠥᠷᠭᠡᠳᠬᠡᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠪᠠ᠃      ᠲᠠᠷᠠᠭᠠᠴᠢ ᠶᠢᠨ ᠠᠯᠬᠤᠮ ᠳᠤ᠂ ᠬᠠᠳᠠᠪᠴᠢ ᠪᠠᠯᠭᠠᠰᠤ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠪᠠᠷ ᠲᠦᠰᠢᠭ ᠪᠣᠯᠭᠠᠵᠤ᠂ ᠪᠥᠬᠦ ᠠᠷᠠᠳ ᠤᠨ ᠤᠩᠰᠢᠯᠭ᠎ᠠ ᠪᠠ ᠬᠥᠳᠡᠭᠡ ᠲᠣᠰᠬᠤᠨ ᠎ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠭᠤᠯᠤᠨ ᠬᠥᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ  ᠢᠶᠠᠷ ᠲᠡᠳᠬᠦᠨ᠂ ᠮᠡᠳᠡᠯᠭᠡ ᠪᠠᠷ ᠠᠷᠠᠳ ᠢ ᠪᠠᠶᠠᠵᠢᠭᠤᠯᠬᠤ ᠬᠤᠤᠰ ᠬᠥᠳᠡᠯᠭᠡᠭᠦᠷ ᠢᠶᠠᠷ ᠳᠠᠮᠵᠢᠭᠤᠯᠤᠨ᠂ ᠣᠯᠠᠨ ᠶᠠᠩᠵᠤ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠩᠰᠢᠯᠭ᠎ᠠ ᠶᠢ ᠦᠨᠡᠨ ᠬᠦ ᠠᠷᠠᠳ ᠣᠯᠠᠨ ᠤ ᠠᠮᠢᠳᠤᠷᠠᠯ ᠳᠤ ᠦᠨᠳᠦᠰᠦᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠳᠤ ᠪᠠᠲᠤ ᠪᠠᠬᠢ ᠣᠶᠤᠨ ᠰᠠᠨᠠᠭᠠᠨ ᠤ ᠰᠠᠭᠤᠷᠢ ᠶᠢ  ᠲᠠᠯᠪᠢᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号