4 ᠰᠠᠷ᠎ᠠ ᠶᠢᠨ 21 ᠤ ᠡᠳᠦᠷ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ 2025 ᠣᠨ ᠤ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠵᠤ ᠬᠤᠷᠠᠯᠳᠤᠵᠠᠢ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠠᠴᠠ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢ ᠤᠯᠠᠮᠵᠢᠯᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠬᠦ ᠳᠤ ᠬᠠᠮᠤᠭ ᠤᠨ ᠰᠢᠨ᠎ᠡ ᠬᠠᠤᠯᠢ ᠴᠠᠭᠠᠵᠠ ᠶᠢᠨ | ᠵᠢᠯᠣᠭᠤᠳᠤᠮᠵᠢ ᠬᠠᠩᠭᠠᠪᠠ᠃ ᠬᠤᠷᠠᠯ ᠠᠴᠠ ᠪᠦᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠤᠬᠠᠢ ᠶᠢᠨ | ᠲᠠᠯᠠᠪᠠᠢ ᠳᠤ 2024 ᠣᠨ ᠤ ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ | ᠤᠨ ᠲᠡᠷᠢᠭᠦᠨ ᠤ ᠬᠠᠮᠲᠤ ᠨᠢᠭᠡᠴᠡ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ | ᠬᠦᠷᠢᠶᠡᠲᠤᠨᠠᠭᠤᠷ ᠰᠤᠮᠤ᠂ ᠭᠠᠬᠢᠯ ᠰᠤᠮᠤ ᠲᠤᠰᠢᠶᠠᠯ ᠭᠦᠶᠴᠡᠳᠬᠡᠬᠦ ᠰᠠᠭᠤᠷᠢᠨ ᠭᠠᠵᠠᠷ ᠤᠨ ᠦᠶᠯᠡᠳᠦᠯ ᠢ | ᠪᠠᠳᠠᠷᠠᠭᠤᠯᠤᠭᠰᠠᠨ ᠠᠴᠠ ᠲᠡᠷᠢᠭᠦᠨ ᠤ ᠬᠠᠮᠲᠤ ᠨᠢᠭᠡᠴᠡ ᠪᠠᠷ ᠦᠨᠡᠯᠡᠭᠳᠡᠨ᠂ ᠬᠠᠰᠲᠤᠯᠭᠠᠭᠤᠷᠢ᠂ ᠨᠠᠷᠠᠨᠲᠤᠶᠠᠭ᠎ᠠ ᠵᠡᠷᠭᠡ | 10 ᠲᠥᠯᠥᠭᠡᠯᠡᠭᠴᠢ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠡᠷᠢᠭᠦᠨ ᠤ ᠬᠤᠪᠢ ᠬᠥᠮᠦᠨ︾ ᠢᠶᠠᠷ | ᠦᠨᠡᠯᠡᠭᠳᠡᠵᠦ᠂ ᠳᠠᠭᠤᠲᠤᠨᠠᠭᠤᠷ ᠪᠠᠯᠭᠠᠰᠤᠨ ᠤ ᠢᠷᠭᠤᠢ ᠵᠡᠷᠭᠡ 3 ᠺᠠᠳ᠋ᠷ ︽ᠮᠡᠳᠡᠭᠡ ᠵᠠᠩᠭᠢ ᠶᠢᠨ ᠠᠵᠢᠯ ᠤᠨ | ᠲᠡᠷᠢᠭᠦᠨ ᠤ ᠬᠤᠪᠢ ᠬᠥᠮᠦᠨ︾ ᠢᠶᠠᠷ ᠦᠨᠡᠯᠡᠭᠳᠡᠨ᠂ ᠤᠶᠠᠩᠭ᠎ᠠ᠂ ᠤᠨᠳᠤᠷᠮ᠎ᠠ ᠵᠡᠷᠭᠡ 5 ᠲᠥᠯᠥᠭᠡᠯᠡᠭᠴᠢ ᠶᠢᠨ | ᠰᠠᠨᠠᠯ ᠵᠥᠪᠯᠡᠯᠭᠡ ᠨᠢ ᠬᠥᠬᠢᠭᠦᠯᠦᠭᠳᠡᠨ ᠰᠠᠶᠢᠰᠢᠶᠠᠭᠳᠠᠵᠤ᠂ ᠡᠳᠡᠭᠡᠷ ᠢᠷᠠᠭᠤ ᠠᠯᠳᠠᠷ ᠢ ᠣᠯᠭᠤᠭᠰᠠᠨ ᠨᠢ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ | ᠠᠯᠬᠤᠮ ᠬᠥᠭᠵᠢᠭᠡᠪᠡ᠃ | ᠬᠤᠷᠠᠯ ᠠᠴᠠ ᠱᠠᠭᠠᠷᠳᠠᠬᠤ ᠳᠠᠭᠠᠨ᠂ ︽ᠳᠥᠷᠪᠡᠨ ᠠᠩᠬᠠᠷᠤᠯ ᠢᠶᠠᠨ ᠲᠥᠪᠯᠡᠷᠡᠭᠦᠯᠬᠦ︾ ᠪᠠᠷ ᠭᠠᠷᠳᠠᠴᠠ | ᠪᠣᠯᠭᠠᠨ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠢᠭᠡ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ | ᠲᠠᠯᠪᠢᠬᠤ ᠬᠠᠤᠯᠢ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠶᠳᠪᠦᠷᠢ᠂ ᠲᠣᠭᠲᠠᠭᠠᠯ ᠪᠠ ᠬᠢᠨᠠᠨ ᠵᠥᠪᠯᠡᠭᠰᠡᠨ | ᠰᠠᠨᠠᠯ ᠢ ᠱᠠᠯᠠᠪᠳᠠᠭᠤᠯᠤᠨ ᠰᠢᠶᠳᠪᠦᠷᠢᠯᠡᠬᠦ ᠠᠷᠭ᠎ᠠ︾ ᠶᠢ ᠲᠣᠭᠲᠠᠭᠠᠬᠤ ᠪᠠᠷ ᠳᠠᠮᠵᠢᠭᠤᠯᠤᠨ᠂ ᠨᠠᠷᠢᠨ | ᠲᠠᠩᠰᠠᠵᠢᠭᠤᠯᠤᠨ ᠱᠠᠯᠠᠪᠳᠠᠭᠤᠯᠤᠨ ᠰᠢᠶᠳᠪᠦᠷᠢᠯᠡᠬᠦ ᠵᠠᠭᠪᠤᠷ ᠢ ᠬᠡᠷᠡᠭᠵᠢᠭᠦᠯᠵᠦ᠂ ᠬᠢᠨᠠᠯᠲᠠ ᠶᠢ ᠨᠠᠩ ᠬᠠᠲᠠᠭᠤ | ᠴᠢᠩᠭ᠎ᠠ ᠪᠣᠯᠭᠠᠵᠤ᠂ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠡᠯ᠎ᠡ ᠠᠵᠢᠯ ᠤᠨ ᠪᠠᠶᠢᠭᠤᠯᠤᠮᠵᠢ ᠶᠢᠨ ᠬᠢᠨ | ᠰᠤᠷᠤᠯᠴᠠᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ | ᠬᠤᠶᠠᠷ ᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠬᠤ ᠬᠠᠤᠯᠢ︾ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽123456 ︾᠂ ︽4115︾᠂ | ︽1293︾ ᠵᠡᠷᠭᠡ ᠭᠤᠷᠪᠠᠨ ᠶᠡᠭᠡ ᠭᠤᠤᠯᠯᠠᠭᠴᠢ ᠠᠵᠢᠯ ᠤᠨ ᠲᠣᠭᠲᠠᠴᠠ ᠶᠢ ᠪᠠᠬᠢᠵᠢᠭᠦᠯᠦᠭᠰᠡᠨ ᠰᠠᠭᠤᠷᠢᠨ | ᠳᠡᠭᠡᠷ᠎ᠡ᠂ ᠡᠯ᠎ᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠣᠶᠤᠨ ᠤᠬᠠᠭᠠᠨ ᠢᠶᠠᠨ ᠰᠢᠪᠬᠠᠨ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠢ᠃ ᠭᠤᠷᠪᠠ | ᠳᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠳᠤ ᠠᠩᠬᠠᠷᠤᠯ ᠢᠶᠠᠨ ᠲᠥᠪᠯᠡᠷᠡᠭᠦᠯᠵᠦ᠂ | ᠲᠥᠯᠥᠭᠡᠯᠡᠭᠴᠢ ᠶᠢᠨ ᠪᠣᠯᠪᠠᠰᠤᠷᠠᠯ᠂ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠢᠰᠲ᠋ᠧᠮ ︾ ᠤᠨ ᠲᠠᠪᠴᠠᠩ ᠤᠨ ᠬᠡᠷᠡᠭᠯᠡᠭᠡ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠩᠰᠠ ᠡᠪᠬᠡᠮᠡᠯ ᠤᠨ | ︽ᠨᠢᠭᠡ ᠬᠥᠮᠦᠨ ᠨᠢᠭᠡ ᠲᠠᠩᠰᠠ ᠡᠪᠬᠡᠮᠡᠯ︾ ᠤᠨ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠵᠤ᠂ ᠠᠷᠠᠳ ᠤᠨ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠷᠪᠡᠨ ᠵᠦᠢᠯ ᠤᠨ ᠰᠢᠨ᠎ᠡ ᠲᠣᠭᠲᠠᠴᠠ᠂ | ︽ᠬᠤᠶᠠᠷ ᠢ ᠠᠬᠢᠭᠤᠯᠬᠤ︾ ᠠᠵᠢᠯ ᠪᠣᠯᠤᠨ ᠲᠥᠯᠥᠭᠡᠯᠡᠭᠴᠢ ᠶᠢᠨ 12345 ᠬᠠᠯᠠᠮᠰᠢᠯ ᠤᠲᠠᠰᠤᠨ ᠤ ᠠᠵᠢᠯ ᠳᠤ | ᠣᠷᠣᠯᠴᠠᠬᠤ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠯᠥᠭᠡᠯᠡᠭᠴᠢᠳ ᠤᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠲᠦᠷᠪᠡ ᠳᠤ᠂ | ︽ᠲᠦᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠭ᠎ᠠ ᠳᠤ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ | ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ | ᠨᠠᠷᠢᠯᠢᠬᠵᠢᠭᠤᠯᠤᠨ᠂ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠵᠢᠯᠯᠠᠭᠠᠨ ᠤ ᠦᠷ᠎ᠡ ᠪᠦᠲᠦᠮᠵᠢ ᠪᠣᠯᠤᠨ | ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ | ᠬᠡᠷᠡᠭᠲᠡᠢ ᠭᠡᠵᠡᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠳᠡᠳ᠋ | ᠡᠷᠬᠢᠯᠡᠭᠴᠢ᠂ ᠬᠤᠰᠢᠭᠤᠨ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢ᠂ ᠡᠯ᠎ᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ᠂ ᠬᠡᠰᠡᠭ ᠬᠤᠰᠢᠭᠤᠨ ᠤ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | |