ᠬᠦᠷᠢᠶᠡᠲᠦᠨᠠᠭᠤᠷ ᠰᠣᠮᠣᠨ ᠤ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/7
      ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠬᠦᠷᠢᠶᠡᠲᠦᠨᠠᠭᠤᠷ ᠰᠣᠮᠣᠨ ᠤ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠠᠢ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠬᠥᠬᠦᠭᠡ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠬᠠᠮᠢᠶ᠎ᠠ ᠪᠦᠬᠦᠢ ᠠᠭᠤᠯᠭ᠎ᠠ ᠶᠢ ᠳᠠᠭᠠᠭᠤᠯᠤᠨ ᠰᠤᠷᠤᠯᠴᠠᠵᠤ᠂ ᠤᠭ ᠶᠣᠰᠣ ᠪᠣᠯᠣᠨ ᠭᠤᠣᠯ ᠠᠭᠤᠯᠭ᠎ᠠ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠵᠡᠢ᠃      ᠬᠤᠷᠠᠯ ᠠᠴᠠ᠂ ᠵᠠᠯᠠᠭᠤ ᠺᠠᠳ᠋ᠷᠴᠤᠳ ᠤᠯᠤᠰ ᠲᠦᠷᠦ ᠶᠢᠨ ᠵᠣᠭᠰᠣᠯᠲᠠ ᠶᠢᠨ ᠲᠠᠯ᠎ᠠ ᠪᠠᠷ ᠭᠤᠶᠢᠪᠢᠰᠢ ᠦᠭᠡᠢ ᠪᠠᠶᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠬᠤᠶᠠᠷ ᠢ ᠲᠣᠭᠲᠠᠭᠠᠬᠤ︾ ᠶᠢ ᠡᠷᠡᠰ  ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠤᠯᠤᠰ ᠲᠦᠷᠦ ᠶᠢᠨ ᠳᠠᠩᠰᠠ᠂ ᠠᠵᠤ ᠠᠬᠤᠢ ᠶᠢᠨ ᠳᠠᠩᠰᠠ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠳᠠᠩᠰᠠ ᠶᠢ ᠰᠠᠶᠢᠲᠤᠷ ᠪᠤᠳᠤᠬᠤ ᠬᠡᠷᠡᠭᠲᠡᠢ᠃ ᠦᠢᠯᠡᠴᠢᠯᠡᠭᠡᠨ ᠤ ᠦᠷ᠎ᠡ ᠪᠦᠲᠦᠮᠵᠢ ᠶᠢᠨ ᠲᠠᠯ᠎ᠠ ᠪᠠᠷ ᠳᠡᠭᠡᠭᠰᠢᠯᠡᠯᠲᠡ ᠶᠢ ᠪᠡᠶᠡᠯᠡᠭᠦᠯᠵᠦ᠂ ᠠᠵᠠ ᠲᠣᠬᠢᠶᠠᠯ ᠢ ᠨᠠᠨᠳᠢᠩᠨᠠᠵᠤ᠂ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠦᠢᠯᠡᠳᠦᠯᠭᠡ ᠶᠢᠨ ᠳᠤᠮᠳᠠ ᠬᠦᠴᠢᠷ ᠪᠡᠷᠬᠡᠰᠢᠶᠡᠯ ᠢ ᠲᠤᠭᠤᠯᠵᠤ᠂ ᠶᠠᠰᠤ ᠰᠢᠷᠪᠦᠰᠦ ᠪᠠᠨ ᠴᠢᠭᠢᠷᠠᠭᠵᠢᠭᠤᠯᠤᠨ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠬᠡᠷᠰᠡᠦ ᠪᠣᠯᠭᠤᠮᠵᠢᠲᠠᠢ ᠪᠠᠶᠢᠵᠤ᠂ ᠤᠯᠤᠰ ᠲᠦᠷᠦ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ          ᠬᠡᠷᠡᠭᠲᠡᠢ᠃      ᠬᠤᠷᠠᠯ ᠤᠨ ᠲᠠᠷᠠᠭ᠎ᠠ᠂ ᠵᠠᠯᠠᠭᠤ ᠺᠠᠳ᠋ᠷᠴᠤᠳ ᠥᠪᠡᠷ ᠥᠪᠡᠷ ᠤᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠭᠦᠨᠵᠡᠭᠡᠢ ᠪᠠᠶᠢᠴᠠᠭᠠᠨ ᠳᠡᠯᠭᠡᠵᠦ  ᠂ ᠬᠤᠪᠢ ᠬᠥᠮᠥᠨ ᠤ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠪᠡ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号