ᠲᠠᠭᠤᠲᠤᠨᠠᠭᠤᠷ ᠪᠠᠯᠭᠠᠰᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2025/5/7
      ᠳᠤᠰᠤᠯ ᠴᠢᠰᠤ  ᠴᠤ ᠠᠮᠢ ᠨᠠᠰᠤᠨ ᠤ ᠡᠬᠢ ᠪᠤᠯᠠᠭ ᠮᠥᠨ︔  ᠬᠠᠷᠠᠮ ᠦᠭᠡᠢ ᠬᠠᠨᠳᠢᠪ ᠪᠣᠯᠭᠠᠨ ᠨᠢ ᠬᠠᠶᠢᠷ᠎ᠠ  ᠶᠢᠨ ᠤᠯᠠᠮᠵᠢᠯᠠᠯ  ᠢ ᠣᠯᠳᠠᠭ᠃ 2025 ᠣᠨ ᠤ 4 ᠰᠠᠷ᠎ᠠ ᠶᠢᠨ 23  ᠤ ᠡᠳᠦᠷ ᠲᠠᠭᠤᠲᠤᠨᠠᠭᠤᠷ ᠪᠠᠯᠭᠠᠰᠤ  ᠨᠢ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ ᠠᠵᠢᠯᠲᠠᠨ᠂ ᠡᠯ᠎ᠡ ᠨᠡᠶᠢᠭᠡᠮ ᠲᠣᠭᠤᠷᠢᠭ ︵ᠭᠠᠴᠠᠭ᠎ᠠ︶ ᠤᠨ ︽ᠬᠤᠶᠠᠷ ᠵᠥᠪᠯᠡᠯ︾ ᠤᠨ ᠺᠠᠳ᠋ᠷ᠂ ᠰᠦᠮ᠎ᠡ ᠬᠡᠶᠢᠳ ᠤᠨ ᠡᠷᠬᠢᠯᠡᠭᠴᠢ ᠪᠣᠯᠣᠨ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠠᠶᠢᠷ᠎ᠠ ᠶᠢ ᠴᠢᠰᠤᠨ ᠳᠤ ᠤᠷᠤᠰᠬᠠᠵᠤ᠂ ᠬᠠᠶᠢᠷ᠎ᠠ ᠪᠠᠷ ᠠᠮᠢ ᠨᠠᠰᠤᠨ ᠤ ᠭᠠᠶᠢᠬᠠᠮᠰᠢᠭ ᠢ ᠪᠢᠴᠢᠭᠯᠡᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠴᠢᠰᠤ ᠬᠠᠨᠳᠢᠪᠯᠠᠭᠴᠢᠳ ᠡᠮᠬᠢ ᠳᠢᠭᠯᠢᠮ ᠲᠠᠢ ᠪᠠᠷ ᠮᠥᠷᠯᠡᠵᠦ᠂ ᠲᠠᠰ ᠳᠠᠷᠠᠭᠠᠯᠠᠨ ᠳᠡᠩᠰᠡᠯᠡᠨ ᠲᠡᠮᠳᠡᠭᠯᠡᠬᠦ᠂ ᠪᠡᠶ᠎ᠡ ᠶᠢᠨ ᠪᠠᠶᠢᠴᠠᠭᠠᠯᠲᠠ ᠬᠢᠬᠦ᠂ ᠬᠢᠮᠢ ᠶᠢᠨ ᠪᠠᠶᠢᠴᠠᠭᠠᠯᠲᠠ ᠬᠢᠬᠦ᠂ ᠴᠢᠰᠤ ᠠᠪᠬᠤ ᠵᠡᠷᠭᠡ ᠶᠠᠪᠤᠴᠠ ᠶᠢ ᠶᠠᠪᠤᠭᠳᠠᠭᠤᠯᠵᠤ ᠪᠠᠶᠢᠨ᠎ᠠ᠃ ᠲᠡᠳᠡᠨ ᠤ ᠴᠢᠷᠠᠢ ᠳᠤ ᠬᠠᠯᠠᠭᠤᠨ ᠳᠤᠯᠠᠭᠠᠨ ᠢᠨᠢᠶᠡᠮᠰᠦᠭᠯᠡᠯ ᠪᠢᠯᠬᠠᠵᠤ᠂ ᠬᠠᠷᠴᠨ ᠠᠴᠠ ᠨᠢ ᠬᠤᠪᠢ ᠨᠡᠮᠡᠷᠢ ᠦᠵᠡᠭᠦᠯᠦᠭᠰᠡᠨ ᠬᠡᠷᠡᠯ ᠭᠢᠯᠪᠠᠭ᠎ᠠ ᠰᠠᠴᠤᠷᠠᠵᠤ         ᠪᠠᠶᠢᠯ᠎ᠠ᠃ ᠡᠮᠴᠢ ᠰᠤᠪᠢᠯᠠᠭᠴᠢᠳ ᠤᠨ ᠨᠠᠷᠢᠨ ᠬᠢᠨᠠᠮᠠᠭᠠᠢ ᠵᠢᠯᠣᠭᠤᠳᠤᠯᠭ᠎ᠠ ᠳᠣᠣᠷ᠎ᠠ᠂  ᠴᠢᠰᠤ ᠬᠠᠨᠳᠢᠪᠯᠠᠭᠴᠢᠳ ᠥᠪᠡᠷ ᠤᠨ ᠬᠠᠯᠠᠭᠤᠨ ᠴᠢᠰᠤ ᠪᠠᠨ ᠬᠠᠨᠳᠢᠪᠯᠠᠵᠤ᠂  ᠲᠤᠰᠠᠯᠠᠮᠵᠢ ᠬᠡᠷᠡᠭᠴᠡᠭᠡ ᠲᠠᠢ ᠬᠥᠮᠥᠰ ᠲᠤ ᠠᠮᠢ ᠨᠠᠰᠤᠨ ᠤ ᠬᠦᠰᠡᠯ ᠡᠷᠡᠮᠡᠯᠵᠡᠯ ᠢ ᠨᠢ ᠬᠦᠷᠭᠡᠵᠦ ᠦᠭᠪᠡ᠃      ᠲᠣᠰ ᠤᠳᠠᠭᠠᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠨᠢ ᠲᠠᠭᠤᠲᠤᠨᠠᠭᠤᠷ  ᠪᠠᠯᠭᠠᠰᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠨᠢᠭᠡ ᠵᠦᠢᠯ ᠤᠨ ᠢᠳᠡᠪᠬᠢ ᠬᠦᠴᠦᠨ ᠢ ᠳᠠᠮᠵᠢᠭᠤᠯᠵᠤ᠂ ᠨᠠᠩ ᠣᠯᠠᠨ ᠬᠥᠮᠥᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠡᠩᠨᠡᠭᠡᠨ ᠳᠤ ᠣᠷᠣᠯᠴᠠᠬᠤ ᠶᠢ ᠵᠣᠷᠢᠭᠵᠢᠭᠤᠯᠤᠭᠰᠠᠨ ᠪᠠᠶᠢᠨ᠎ᠠ᠃ ᠬᠠᠶᠢᠷ᠎ᠠ ᠬᠠᠯᠠᠮᠵᠢ ᠨᠢᠭᠡᠪᠦᠷᠢ ᠨᠢ ᠴᠥᠮ ᠳᠤᠯᠠᠭᠠᠨ ᠤᠷᠤᠰᠬᠠᠯ ᠰᠢᠭ᠋ ᠢᠶᠠᠷ ᠬᠠᠶᠢᠷ᠎ᠠ ᠶᠢᠨ ᠲᠠᠯᠠᠢ ᠲᠠᠩᠭᠢᠰ ᠪᠣᠯᠵᠤ᠂ ᠡᠨᠡᠬᠦ ᠶᠢᠷᠲᠢᠨᠴᠦ ᠶᠢ ᠨᠡᠩ ᠰᠠᠶᠢᠨ ᠰᠠᠶᠢᠬᠠᠨ ᠪᠥᠭᠡᠳ ᠳᠤᠯᠠᠭᠠᠨ ᠪᠦᠯᠢᠶᠡᠨ ᠪᠣᠯᠭᠠᠨ᠎ᠠ᠃ ᠳᠠᠷᠠᠭᠠᠴᠢ ᠶᠢᠨ ᠠᠯᠬᠤᠮ ᠳᠤ᠂ ᠲᠠᠭᠤᠲᠤᠨᠠᠭᠤᠷ ᠪᠠᠯᠭᠠᠰᠤ   ᠨᠢ ᠦᠨ᠎ᠡ ᠲᠥᠯᠥᠪᠦᠷᠢ ᠦᠭᠡᠢ ᠪᠠᠷ ᠴᠢᠰᠤ  ᠬᠠᠨᠳᠢᠪᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠴᠢᠨᠠᠭᠰᠢᠳᠠ ᠴᠢᠩᠭᠠᠳᠬᠠᠵᠤ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠲᠤᠬᠠᠢ ᠥᠷᠭᠡᠨ ᠤᠯᠠᠨ ᠲᠦᠮᠡᠨ ᠤ ᠲᠠᠨᠢᠯᠲᠠ ᠪᠣᠯᠣᠨ ᠣᠷᠣᠯᠴᠠᠬᠤ   ᠢᠳᠡᠪᠬᠢᠵᠢᠯ  ᠢ ᠳᠡᠭᠡᠭᠰᠢᠯᠡᠭᠦᠯᠦᠨ᠎ᠡ᠃ ᠨᠡᠩ ᠤᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂  ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ  ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠠᠩᠬᠠᠷᠤᠭᠤᠯᠵᠤ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠬᠥᠮᠥᠵᠢᠭᠦᠯᠦᠨ᠂ ᠬᠠᠶᠢᠷ᠎ᠠ ᠬᠠᠯᠠᠮᠵᠢ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠲᠠᠭᠤᠲᠤᠨᠠᠭᠤᠷ ᠪᠠᠯᠭᠠᠰᠤᠨ ᠳᠤ ᠨᠡᠶᠢᠳᠡᠮ ᠳᠡᠯᠭᠡᠷᠡᠭᠦᠯᠦᠨ᠎ᠡ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号