2025 ᠣᠨ ᠤ 4 ᠰᠠᠷ᠎ᠠ ᠶᠢᠨ 23 ᠤ ᠡᠳᠦᠷ᠂ 30 ᠳ᠋ᠤᠭᠠᠷ ᠬᠤᠭᠤᠴᠠᠭᠠᠨ ᠤ ︽4·23 ᠤ | ᠳᠡᠯᠡᠬᠡᠢ ᠶᠢᠨ ᠨᠣᠮ ᠤᠩᠰᠢᠬᠤ ᠡᠳᠦᠷ︾ ᠢᠶᠠᠷ ᠠᠵᠠ ᠲᠣᠬᠢᠶᠠᠯ ᠪᠣᠯᠭᠠᠵᠤ᠂ ᠳᠠᠭᠤᠳᠤᠨᠠᠭᠤᠷ ᠪᠠᠯᠭᠠᠰᠤᠨ ᠤ | ᠡᠮᠡᠭᠲᠡᠶᠢᠴᠦᠳ ᠤᠨ ᠬᠤᠯᠪᠤᠭᠠᠲᠦ ᠬᠤᠷᠠᠯ᠂ ᠠᠵᠢᠯᠴᠢᠨ ᠤ ᠡᠪᠯᠡᠯ ᠬᠠᠮᠳᠤᠷᠠᠨ᠂ ︽ᠨᠤᠮ ᠤᠨ ᠬᠡᠰᠢᠭᠲᠦ ᠨᠤᠳᠤᠭ᠂ | ᠳᠤᠮᠤᠭ ᠤᠨ ᠴᠡᠩᠬᠡᠷ ᠳᠠᠭᠤᠳᠤᠨᠠᠭᠤᠷ︾ ᠭᠤᠣᠯ ᠰᠡᠳᠦᠪᠲᠦ ᠰᠢᠷᠢᠰ ᠠᠵᠢᠯᠯᠠᠭ᠎ᠠ ᠦᠷᠨᠢᠬᠦᠯᠪᠡ᠃ | ᠠᠵᠢᠯᠯᠠᠭᠠᠨ ᠳᠤ ᠨᠡᠶᠢᠳᠡ 40 ᠭᠠᠷᠤᠢ ᠬᠥᠮᠥᠨ ᠤᠷᠤᠯᠴᠠᠪᠠ᠃ | ︽ᠨᠤᠮ ᠤᠨ ᠪᠤᠶᠠᠨ ᠲᠦᠮᠡᠨ ᠢ ᠢᠪᠡᠬᠡᠨᠡ ︱ ᠭᠡᠷ ᠪᠦᠯᠢ ᠶᠢᠨ ᠦᠯᠦᠬᠡᠢ︾ ᠭᠡᠷ ᠪᠦᠯᠢ ᠶᠢᠨ | ᠤᠩᠰᠢᠯᠭ᠎ᠠ ᠶᠢᠨ ᠠᠵᠢᠯᠯᠠᠭ᠎ᠠ | ᠡᠯ᠎ᠡ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠠᠭᠠᠭᠤᠯᠭ᠎ᠠ ᠪᠠᠷ᠂ ︽ᠨᠤᠮ ᠤᠨ ᠪᠤᠶᠠᠨ | ᠲᠦᠮᠡᠨ ᠢ ᠢᠪᠡᠬᠡᠨᠡ ︱ ᠭᠡᠷ ᠪᠦᠯᠢ ᠶᠢᠨ ᠦᠯᠦᠬᠡᠢ︾ ᠭᠡᠷ ᠪᠦᠯᠢ ᠶᠢᠨ ᠤᠩᠰᠢᠯᠭ᠎ᠠ ᠶᠢᠨ ᠠᠵᠢᠯᠯᠠᠭ᠎ᠠ | ᠦᠷᠨᠢᠬᠦᠯᠪᠡ᠃ ᠭᠡᠷ ᠤᠨ ᠠᠬᠠᠮᠠᠳ ᠬᠡᠦᠬᠡᠳ ᠤᠳ ᠲᠠᠢ ᠪᠠᠨ ᠦᠪᠡᠷ ᠤᠨ ᠳᠤᠷᠠᠲᠠᠢ ᠰᠣᠩᠭᠤᠳᠠᠭ ᠵᠣᠬᠢᠶᠠᠯ ᠠᠴᠠ | ᠪᠠᠨ ᠰᠣᠩᠭᠤᠨ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠨᠤᠮ ᠤᠩᠰᠢᠨ᠂ ᠬᠠᠮᠳᠤ ᠪᠠᠷ ᠨᠤᠮ ᠤᠨ ᠪᠤᠶᠠᠨ ᠢ | ᠡᠳ᠋ᠯᠡᠵᠦ᠂ ᠬᠠᠮᠳᠤ ᠪᠠᠷ ᠰᠤᠷᠤᠯᠴᠠᠬᠤ ᠪᠠᠷ ᠳᠠᠮᠵᠢᠨ ᠭᠡᠷ ᠪᠦᠯᠢ ᠶᠢᠨ ᠬᠥᠮᠥᠰ ᠤᠨ ᠬᠤᠭᠤᠷᠣᠨᠳᠣᠬᠢ ᠰᠡᠳᠬᠢᠯᠭᠡ | ᠶᠢᠨ ᠰᠣᠯᠢᠯᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠭᠡᠷ ᠪᠦᠯᠢ ᠵᠢᠨᠤᠩᠰᠢᠯᠭᠠ ᠶᠢ ᠴᠤ ᠭᠡᠷ ᠪᠦᠯᠢ | ᠶᠢᠨ ᠳᠣᠲᠣᠷᠠᠬᠢ ᠬᠠᠮᠤᠭ ᠤᠨ ᠰᠠᠶᠢᠬᠠᠨ ᠦᠵᠡᠮᠵᠢ ᠪᠣᠯᠭᠠᠭᠰᠠᠨ ᠪᠠᠶᠢᠨ᠎ᠠ᠃ | ᠨᠤᠮ ᠤᠩᠰᠢᠭᠰᠠᠨ ᠳᠦᠷᠦᠭᠳᠡᠯ ᠢᠶᠠᠨ ᠬᠤᠪᠢᠶᠠᠯᠴᠠᠬᠤ ᠠᠵᠢᠯᠯᠠᠭ᠎ᠠ | ᠺᠠᠳ᠋ᠷ ᠪᠣᠯᠣᠨ ᠮᠠᠯᠴᠢᠨ ᠲᠦᠮᠡᠨ ᠤ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠰᠠᠶᠢᠨ | ᠰᠠᠶᠢᠬᠠᠨ ᠨᠡᠶᠢᠭᠡᠮ ᠤᠨ ᠰᠣᠶᠣᠯ ᠤᠨ ᠠᠭᠤᠷ ᠠᠮᠢᠰᠬᠤᠯ ᠢ ᠪᠤᠶ ᠪᠣᠯᠭᠠᠬᠤ ᠶᠢᠨ ᠲᠤᠰᠠᠳᠠ᠂ ᠳᠠᠭᠤᠳᠤᠨᠠᠭᠤᠷ | ᠪᠠᠯᠭᠠᠰᠤᠨ ᠤ ᠬᠢᠨ ᠨᠤᠮ ᠤᠩᠰᠢᠭᠰᠠᠨ ᠳᠦᠷᠦᠭᠳᠡᠯ ᠢᠶᠠᠨ ᠬᠤᠪᠢᠶᠠᠯᠴᠠᠬᠤ ᠠᠵᠢᠯᠯᠠᠭ᠎ᠠ ᠦᠷᠨᠢᠬᠦᠯᠪᠡ᠃ ᠡᠯ᠎ᠡ | ᠭᠠᠴᠠᠭ᠎ᠠ ᠵᠢᠴᠢ ᠪᠠᠶᠢᠭᠤᠯᠭ᠎ᠠ ᠶᠢᠨ ᠨᠣᠮ ᠤᠩᠰᠢᠬᠤ ᠳᠤᠷᠠᠲᠠᠢ ᠡᠮᠡᠭᠲᠡᠶᠢᠴᠦᠳ ᠨᠢᠭᠡ ᠲᠠᠩᠬᠢᠮ ᠳᠤ ᠴᠤᠭᠯᠠᠷᠠᠵᠤ᠂ | ᠨᠣᠮ ᠪᠢᠴᠢᠭ ᠲᠤ ᠬᠠᠶᠢᠷᠠᠲᠠᠢ ᠪᠠᠶᠢᠵᠤ᠂ ᠨᠤᠮ ᠤᠩᠰᠢᠭᠰᠠᠨ ᠳᠦᠷᠦᠭᠳᠡᠯ ᠢᠶᠠᠨ ᠬᠠᠮᠳᠤ ᠪᠠᠷ ᠬᠤᠪᠢᠶᠠᠯᠴᠠᠨ᠂ | ᠥᠪᠡᠷ ᠤᠨ ᠬᠠᠮᠤᠭ ᠤᠨ ᠦᠨᠡᠨᠴᠢ ᠤᠩᠰᠢᠯᠭ᠎ᠠ ᠶᠢᠨ ᠥᠩᠭᠡᠷᠡᠯᠲᠡ ᠪᠠᠨ ᠬᠤᠪᠢᠶᠠᠯᠴᠠᠪᠠ᠃ ᠣᠯᠠᠨ ᠢᠶᠠᠷ ᠵᠶ᠋ᠠᠨᠨᠣᠮ | ᠪᠢᠴᠢᠭ ᠤᠨ ᠲᠤᠬᠠᠢ ᠣᠶᠢᠯᠠᠭᠠᠯᠲᠠ ᠪᠠ ᠳᠦᠷᠦᠭᠳᠡᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠭᠰᠡᠨ ᠪᠠᠶᠢᠨ᠎ᠠ᠃ | | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠣᠯ | ᠰᠡᠳᠦᠪᠲᠦ ᠮᠡᠳᠡᠯᠬᠡ ᠶᠢᠨ ᠤᠷᠤᠯᠳᠤᠭᠠᠨ ᠢ ᠡᠷᠬᠢᠯᠡᠨ ᠬᠠᠮᠲᠤ ᠶᠢᠨ ᠲᠠᠨᠢᠯᠲᠠ ᠶᠢ ᠨᠢᠭᠳᠠᠷᠠᠭᠤᠯᠪᠠ | ᠮᠠᠯᠴᠢᠨ ᠲᠦᠮᠡᠨ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠢᠯᠡᠳᠦᠯᠭᠡᠵᠢᠭᠦᠯᠦᠭᠴᠢ᠂ ᠤᠯᠠᠮᠵᠢᠯᠠᠭᠴᠢ | ᠪᠣᠯᠬᠤ ᠪᠠᠷ ᠴᠢᠷᠮᠠᠶᠢᠵᠤ᠂ ︽ᠰᠤᠷᠤᠯᠴᠠᠯᠭ᠎ᠠ ᠪᠠᠷ ᠤᠷᠤᠯᠳᠤᠭᠠᠨ ᠢ ᠠᠬᠢᠭᠤᠯᠬᠤ︾ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠳᠦᠯᠦᠬᠡ᠂ 4 ᠰᠠᠷ᠎ᠠ ᠶᠢᠨ 23 ᠤ ᠡᠳᠦᠷ᠂ ᠳᠠᠭᠤᠳᠤᠨᠠᠭᠤᠷ ᠪᠠᠯᠭᠠᠰᠤᠨ ᠤ ᠡᠮᠡᠭᠲᠡᠶᠢᠴᠦᠳ ᠤᠨ | ᠬᠤᠯᠪᠤᠭᠠᠲᠦ ᠬᠤᠷᠠᠯ᠂ ᠠᠵᠢᠯᠴᠢᠨ ᠤ ᠡᠪᠯᠡᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠣᠯ ᠰᠡᠳᠦᠪᠲᠦ ᠮᠡᠳᠡᠯᠭᠡ ᠶᠢᠨ ᠤᠷᠤᠯᠳᠤᠭᠠᠨ ᠦᠷᠨᠢᠬᠦᠯᠪᠡ᠂ | ᠲᠤᠰ ᠤᠳᠠᠭᠠᠨ ᠤ ᠤᠷᠤᠯᠳᠤᠭᠠᠨ ᠳᠤ ᠡᠯ᠎ᠡ ᠭᠠᠴᠠᠭ᠎ᠠ᠂ ᠨᠡᠶᠢᠭᠡᠮ ᠲᠣᠭᠤᠷᠢᠭ᠂ ᠪᠠᠶᠢᠭᠤᠯᠭ᠎ᠠ ᠠᠴᠠ ᠢᠷᠡᠭᠰᠡᠨ 7 | ᠲᠥᠯᠥᠭᠡᠯᠡᠭᠴᠢ ᠶᠢᠨ ᠠᠩᠭᠢ ᠶᠢᠨ 21 ᠨᠡᠷ᠎ᠡ ᠤᠷᠤᠯᠴᠠᠭᠴᠢ ᠣᠷᠣᠯᠴᠠᠪᠠ᠃ ᠳᠤᠰ ᠤᠳᠠᠭᠠᠨ ᠤ ᠮᠡᠳᠡᠯᠭᠡ ᠶᠢᠨ | ᠤᠷᠤᠯᠳᠤᠭᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ | ᠭᠤᠣᠯ ᠰᠡᠳᠦᠪ ᠤᠨ ᠲᠣᠭᠤᠷᠢᠨ ᠳᠤ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ | ᠳᠦᠭᠰᠢᠭᠦᠷᠢᠲᠦ ᠰᠡᠳᠦᠪ ᠵᠡᠷᠭᠡ ᠳᠦᠷᠦᠯ ᠢᠶᠠᠷ ᠶᠠᠪᠤᠭᠳᠠᠪᠠ᠃ ᠰᠡᠳᠦᠪ ᠤᠨ ᠠᠭᠤᠯᠭ᠎ᠠ ᠨᠢ ᠡᠯᠪᠡᠭ ᠪᠠᠶᠠᠯᠢᠭ | ᠪᠠᠶᠢᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ | ᠦᠨᠳᠦᠰᠦᠲᠡᠨ ᠤ ᠪᠦᠯᠬᠦᠮᠳᠡᠯ ᠵᠡᠷᠭᠡ ᠲᠠᠯ᠎ᠠ ᠶᠢ ᠬᠠᠮᠤᠷᠴᠤ ᠪᠠᠶᠢᠬᠤ ᠪᠠᠷ ᠪᠠᠷᠠᠬᠤ ᠦᠭᠡᠢ ᠪᠠᠰᠠ ᠡᠮᠡᠭᠲᠡᠶᠢᠴᠦᠳ | ᠣᠯᠠᠨ ᠲᠦᠮᠡᠨ ᠤ ᠬᠠᠮᠢᠶ᠎ᠠ ᠪᠦᠬᠦᠢ ᠮᠡᠳᠡᠯᠭᠡ᠂ ᠲᠡᠦᠬᠡ ᠰᠣᠶᠣᠯ ᠵᠢᠴᠢ ᠠᠮᠢᠳᠤᠷᠠᠯ ᠤᠨ ᠶᠡᠷᠦ ᠶᠢᠨ ᠮᠡᠳᠡᠯᠭᠡ | ᠵᠡᠷᠭᠡ ᠶᠢ ᠬᠠᠮᠤᠷᠪᠠ᠃ ᠤᠷᠤᠯᠳᠤᠭᠠᠨ ᠤ ᠡᠴᠦᠰ ᠲᠤ ᠬᠠᠭ᠋ᠤᠪᠤᠭᠠ ᠭᠠᠴᠠᠭᠠᠨ ᠤ ᠳᠦᠯᠦᠬᠡᠯᠡᠭᠴᠢᠳ ᠤᠨ | ᠨᠢᠭᠡᠳᠦᠭᠡᠷ ᠲᠤ ᠣᠷᠣᠵᠤ᠂ ᠪᠠᠶᠢᠭᠤᠯᠭ᠎ᠠ ᠶᠢᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠲᠤ ᠣᠷᠣᠵᠤ᠂ | ᠨᠠᠶᠢᠷᠠᠮᠳᠠᠯ ᠭᠠᠴᠠᠭᠠᠨ ᠤ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠤ ᠤᠷᠤᠪᠠ᠃ ᠲᠣᠰ ᠤᠳᠠᠭᠠᠨ ᠤ | ᠮᠡᠳᠡᠯᠭᠡ ᠶᠢᠨ ᠤᠷᠤᠯᠳᠤᠭᠠᠨ ᠢᠶᠠᠷ ᠳᠡᠮᠵᠢᠨ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠤ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠣᠶᠢᠯᠠᠭᠠᠭᠳᠠᠬᠤᠨ ᠴᠤ ᠬᠥᠮᠥᠰ ᠤᠨ ᠰᠡᠳᠬᠢᠯ ᠳᠤ ᠨᠠᠩ ᠭᠦᠨ | ᠬᠠᠳᠡᠭᠰᠢᠯᠠᠭᠤᠯᠪᠠ᠃ | ᠬᠠᠶᠢᠷ᠎ᠠ ᠬᠠᠯᠠᠮᠵᠢ ᠬᠦᠷᠳᠡᠬᠡᠨ ᠨᠡᠶᠢᠲᠡ ᠶᠢᠨ ᠠᠰᠠᠷᠠᠮᠵᠢ ᠶᠢᠨ ᠨᠣᠮ ᠪᠢᠴᠢᠭ ᠢ ᠪᠡᠯᠡᠭᠯᠡᠨ ᠬᠦᠷᠭᠡᠬᠦ | ᠠᠵᠢᠯᠯᠠᠭ᠎ᠠ | ᠥᠪᠥᠷ ᠮᠣᠩᠭᠤᠯ ᠤᠨ ᠳ᠋ᠦᠩ ᠱᠦᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠨᠡᠶᠢᠭᠡᠮ ᠤᠨ | ᠬᠠᠷᠢᠭᠤᠴᠠᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠳᠠᠭᠤᠳᠤᠨᠠᠭᠤᠷ ᠪᠠᠯᠭᠠᠰᠤᠨ ᠤ ᠨᠣᠮ ᠤᠨ ᠥᠷᠥᠭᠡ ᠳᠤ | 6000 ᠲᠥᠭᠦᠷᠢᠭ ᠤᠨ ᠥᠷᠲᠡᠭ ᠪᠦᠬᠦᠢ ᠨᠣᠮ ᠪᠢᠴᠢᠭ ᠬᠠᠨᠳᠢᠪᠯᠡᠪᠠ᠃ ᠡᠨᠡᠬᠦ ᠪᠤᠶᠠᠨᠰᠠᠭ ᠠᠵᠢᠯᠯᠠᠭ᠎ᠠ ᠨᠢ | ᠬᠦᠳᠡᠯᠬᠡᠬᠡᠨ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠡᠩ | ᠴᠤ ᠪᠠᠯᠭᠠᠰᠤᠨ ᠤ ᠺᠠᠳ᠋ᠷ ᠪᠣᠯᠣᠨ ᠮᠠᠯᠴᠢᠨ ᠲᠦᠮᠡᠨ ᠳᠤ ᠡᠷᠬᠢᠮ ᠨᠠᠨᠳᠢᠨ ᠣᠶᠤᠨ ᠰᠠᠨᠠᠭᠠᠨ ᠤ ᠡᠳ᠋ ᠪᠠᠶᠠᠯᠢᠭ ᠢ | ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ | ᠬᠦᠴᠦᠷᠬᠡᠭ ᠶᠡᠭᠡ ᠬᠦᠴᠦᠨ ᠨᠡᠮᠡᠷᠢᠯᠡᠭᠰᠡᠨ ᠪᠠᠶᠢᠨ᠎ᠠ᠃ | ᠰᠢᠷᠢᠰ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠭᠤᠯᠤᠨ ᠥᠷᠭᠡᠨ ᠤᠯᠠᠨ ᠲᠦᠮᠡᠨ ᠳᠤ ᠡᠯᠪᠡᠭ ᠪᠠᠶᠠᠯᠢᠭ | ᠤᠶᠤᠨ ᠤ ᠲᠡᠵᠢᠭᠡᠯ ᠢ ᠬᠠᠩᠭᠠᠭᠰᠠᠨ ᠪᠠᠶᠢᠨ᠎ᠠ᠃ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠬᠤ ᠶᠢᠨ | ᠬᠠᠮᠲᠤ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ | ᠢᠳᠡᠪᠬᠢᠲᠡᠢ ᠪᠥᠭᠡᠳ ᠦᠷ᠎ᠡ ᠪᠦᠲᠦᠮᠵᠢ ᠬᠤᠪᠢ ᠨᠡᠮᠡᠷᠢ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ | ᠳᠠᠭᠤᠳᠤᠨᠠᠭᠤᠷ ᠪᠠᠯᠭᠠᠰᠤ ᠨᠡᠩ ᠤᠯᠠᠨ ᠰᠢᠯᠢᠳᠡᠭ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠰᠣᠶᠣᠯ ᠤᠨ ᠪᠠᠶᠢᠭᠤᠯᠤᠯᠲᠠ ᠪᠣᠯᠣᠨ ᠦᠨᠳᠦᠰᠦᠲᠡᠨ ᠤ ᠪᠦᠯᠬᠦᠮᠳᠡᠯ ᠤᠨ ᠦᠢᠯᠡᠰ ᠤᠨ ᠬᠥᠭᠵᠢᠯᠲᠡ ᠶᠢ | ᠦᠷᠭᠦᠯᠵᠢᠯᠡᠨ ᠠᠬᠢᠭᠤᠯᠤᠨ᠎ᠠ᠃ |