ᠭᠠᠬᠢᠯ ᠰᠤᠮᠤ ᠨᠢ ᠭᠠᠴᠠᠭᠠᠨ ᠤ ᠬᠠᠮᠲᠤ ᠶᠢᠨ ︽ᠪᠡᠯᠡ ᠮᠥᠩᠭᠦ᠂ ᠡᠳ᠋ ᠬᠥᠷᠥᠩᠭᠡ ᠂ ᠡᠬᠢ ᠪᠠᠶᠠᠯᠢᠭ︾ ᠢ ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/5/7
      ᠮᠠᠯᠵᠢᠬᠤ ᠣᠷᠣᠨ ᠤ ᠬᠠᠮᠲᠤ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾  ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂  ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠮᠠᠯᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂  ᠭᠠᠬᠢᠯ ᠰᠤᠮᠤ  ᠨᠢ‌ᠢᠳᠡᠪᠬᠢᠲᠡᠢ ᠪᠠᠷ ᠬᠥᠳᠡᠯᠦᠯᠴᠡᠵᠦ᠂ ᠪᠣᠳᠠᠲᠠᠢ ᠳᠤ ᠰᠠᠭᠤᠷᠢᠯᠠᠨ᠂ 2025 ᠣᠨ ᠤ ᠮᠠᠯᠵᠢᠬᠤ ᠣᠷᠣᠨ ᠤ ᠬᠠᠮᠲᠤ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠶᠢ ᠨᠠᠷᠢᠯᠢᠭ  ᠣᠨᠤᠪᠴᠢᠲᠠᠢ ᠪᠠᠷ ᠬᠠᠷᠭᠤᠭᠤᠯᠤᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃      3 ᠰᠠᠷ᠎ᠠ ᠶᠢᠨ 20 ᠤ ᠡᠳᠦᠷ ᠠᠴᠠ 4 ᠰᠠᠷ᠎ᠠ ᠶᠢᠨ25 ᠤ ᠡᠳᠦᠷ ᠪᠣᠯᠲᠠᠯ᠎ᠠ᠂ ᠰᠣᠮᠤᠨ ᠤ ᠨᠠᠮ ᠤᠨ  ᠬᠤᠷᠢᠶᠠᠨ ᠤ  ᠱᠦᠵᠢ ᠪᠠᠷ ᠲᠦᠷᠦᠭᠦᠯᠡᠭᠦᠯᠦᠨ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠢᠭᠲᠠᠯᠠᠨ ᠪᠤᠳᠤᠭᠴᠢ ᠶᠢᠨ ᠪᠠᠶᠢᠭᠤᠯᠤᠭᠰᠠᠨ ᠲᠤᠰᠬᠠᠢ ᠠᠵᠢᠯ ᠤᠨ ᠳᠤᠭᠤᠶᠢᠯᠠᠩ ᠮᠠᠯᠵᠢᠬᠤ ᠣᠷᠣᠨ ᠳᠤ ᠭᠦᠨᠵᠡᠭᠡᠶᠢᠷᠡᠵᠦ᠂ ᠡᠯ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠳᠤ  ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠨᠢᠭᠡ ᠨᠢᠭᠡ ᠪᠠᠷ ᠬᠠᠷᠭᠤᠭᠤᠯᠬᠤ ᠠᠷᠭ᠎ᠠ ᠮᠠᠶ᠋ᠢᠭ ᠢᠶᠠᠷ ᠳᠡᠮᠵᠢᠨ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠬᠠᠷᠢᠶᠠᠲᠤ ᠣᠷᠣᠨ ᠤ 6 ᠭᠠᠴᠠᠭᠠᠨ ᠤ ᠬᠠᠮᠲᠤ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠨᠠᠷᠢᠯᠢᠭ ᠣᠨᠤᠪᠴᠢᠲᠠᠢ ᠪᠠᠷ ᠬᠠᠷᠭᠤᠭᠤᠯᠤᠨ ᠪᠠᠶᠢᠴᠠᠭᠠᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ᠃      ᠲᠣᠰ ᠤᠳᠠᠭᠠᠨ ᠤ ᠬᠥᠳᠡᠭᠡ ᠪᠠᠭᠤᠵᠤ ᠬᠢᠨᠠᠨ ᠬᠠᠷᠭᠤᠭᠤᠯᠬᠤ ᠠᠵᠢᠯ ᠨᠢ ᠭᠠᠴᠠᠭᠠᠨ ᠤ ᠬᠠᠮᠲᠤ ᠶᠢᠨ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠰᠠᠭᠤᠷᠢ ᠲᠤᠭ᠎ᠠ ᠶᠢ ᠪᠦᠲᠦᠮᠵᠢᠲᠡᠶ ᠪᠠᠷ ᠲᠣᠳᠣᠷᠬᠠᠢ ᠣᠶᠢᠯᠠᠭᠠᠵᠤ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠬᠠᠮᠲᠤ ᠶᠢᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠨᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ︽ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢ ᠢᠯᠡ ᠪᠣᠯᠭᠠᠬᠤ ᠪᠠ ᠳᠦᠷᠢᠮᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号