ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠭᠤᠣᠯ ᠤᠨ ᠵᠠᠮ ᠢ ᠵᠠᠰᠠᠬᠤ ᠪᠠ ᠠᠮᠢ ᠠᠬᠤᠢ ᠶᠢᠨ | ᠬᠠᠮᠠᠭᠠᠯᠠᠯᠲᠠ ᠶᠢᠨ ᠠᠵᠢᠯ ᠨᠢ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ 4 ᠰᠠᠷ᠎ᠠ ᠶᠢᠨ 25 ᠤ ᠡᠳᠦᠷ᠂ | ᠭᠠᠬᠢᠯ ᠰᠣᠮᠣᠨ ᠤ ᠭᠤᠣᠯ ᠤᠨ ᠳᠠᠷᠤᠭ᠎ᠠ ᠶᠢᠨ ᠠᠯᠪᠠᠨ ᠭᠡᠷ᠂ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠬᠠᠮᠲᠤᠷᠠᠨ ᠭᠤᠣᠯ ᠮᠦᠷᠡᠨ ᠨᠠᠭᠤᠷ ᠴᠦᠬᠦᠷᠦᠮ ᠢ ᠳᠤᠭᠤᠷᠢᠨ | ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ︽ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ | ᠰᠠᠶᠢᠬᠠᠨ︾ ᠪᠠᠶᠢᠯᠭᠠᠬᠤ ᠪᠠᠷ ᠬᠠᠷᠠᠯᠲᠠ ᠪᠣᠯᠭᠠᠵᠤ᠂ ᠬᠠᠷᠢᠶ᠎ᠠ ᠣᠷᠣᠨ ᠤ ᠭᠤᠣᠯ ᠮᠦᠷᠡᠨ ᠨᠠᠭᠤᠷ ᠴᠦᠬᠦᠷᠦᠮ ᠤᠨ | ᠠᠮᠢ ᠠᠬᠤᠢ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ | ᠭᠤᠣᠯ ᠮᠦᠷᠡᠨ ᠨᠠᠭᠤᠷ ᠴᠦᠬᠦᠷᠦᠮ ᠢ ᠳᠣᠭᠤᠷᠢᠨ ᠪᠠᠶᠢᠴᠠᠭᠠᠬᠤ ᠶᠠᠪᠤᠴᠠ ᠳᠤ᠂ ᠬᠠᠮᠢᠶ᠎ᠡ ᠪᠦᠬᠦᠢ ᠰᠠᠯᠠᠭ᠎ᠠ | ᠮᠦᠴᠢᠷ ᠤᠨ ᠬᠢᠨ ᠤᠯᠠᠭᠠᠢ ᠭᠤᠣᠯ ᠤᠨ ᠭᠠᠬᠢᠯ ᠰᠣᠮᠣᠨ ᠤ ᠬᠠᠷᠢᠶ᠎ᠡ ᠬᠡᠰᠡᠭ ᠪᠣᠯᠣᠨ ᠤᠷᠢᠳᠤ ᠳᠠᠪᠤᠰᠤᠨ ᠨᠠᠭᠤᠷ᠂ | ᠬᠤᠶᠢᠲᠤ ᠳᠠᠪᠤᠰᠤᠨ ᠨᠠᠭᠤᠷ ᠲᠤ ᠬᠦᠷᠴᠦ᠂ ᠭᠤᠣᠯ ᠮᠦᠷᠡᠨ ᠨᠠᠭᠤᠷ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ︽ᠬᠠᠪᠤᠷ ᠤᠨ ᠤᠯᠠᠷᠢᠯ ᠤᠨ ᠠᠵᠢᠯᠯᠠᠭ᠎ᠠ︾ ᠲᠠᠢ ᠤᠶᠠᠯᠳᠤᠭᠤᠯᠵᠤ᠂ ᠳᠤᠬᠠᠢ ᠶᠢᠨ ᠭᠠᠵᠠᠷ ᠢᠶᠠᠷ | ᠳᠤᠭᠤᠷᠢᠨ ᠪᠠᠶᠢᠴᠠᠭᠠᠵᠦ᠂ ᠭᠤᠣᠯ ᠤᠨ ᠡᠷᠭᠢ ᠶᠢᠨ ᠣᠷᠴᠢᠨ ᠲᠣᠭᠤᠷᠢᠨ ᠳᠤ ᠠᠷᠢᠭᠤᠨ ᠴᠡᠪᠡᠷ ᠤᠨ ᠠᠰᠠᠭᠤᠳᠠᠯ | ᠤᠷᠤᠰᠢᠬᠤ ᠡᠰᠡᠬᠦ᠂ ᠭᠤᠣᠯ ᠤᠨ ᠵᠠᠮ ᠢ ᠡᠵᠡᠯᠡᠨ ᠬᠠᠤᠯᠢ ᠪᠤᠰᠤ ᠪᠠᠷ ᠵᠢᠭᠠᠰᠤ ᠠᠩᠨᠠᠭᠰᠠᠨ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠦ᠂ | ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ | ᠪᠠᠲᠤᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ | ᠬᠠᠮᠠᠭᠠᠯᠠᠵᠠᠢ᠃ ᠲᠣᠰ ᠤᠳᠠᠭᠠᠨ ᠤ ᠳᠤᠭᠤᠷᠢᠨ ᠪᠠᠶᠢᠴᠠᠭᠠᠯᠲᠠ ᠳᠤ᠂ ᠭᠤᠣᠯ ᠤᠨ ᠵᠠᠮ ᠵᠢᠴᠢ ᠨᠠᠭᠤᠷ | ᠲᠣᠭᠤᠷᠢᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠴᠡᠪᠡᠷ ᠲᠡᠭᠰᠢ ᠪᠥᠭᠡᠳ ᠡᠮᠬᠢ ᠳᠢᠭᠯᠢᠮ ᠲᠠᠢ ᠪᠠᠶᠢᠵᠤ᠂ | ᠡᠯ᠎ᠡ ᠵᠦᠢᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠢᠯᠡᠷᠡᠭᠰᠡᠨ ᠦᠬᠡᠢ᠃ | ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠭᠤᠣᠯ ᠤᠨ ᠳᠠᠷᠤᠭ᠎ᠠ ᠶᠢᠨ ᠳᠦᠷᠢᠮ ᠤᠨ ᠡᠯ᠎ᠡ | ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠬᠠᠮᠲᠤᠷᠠᠨ ᠲᠣᠭᠤᠷᠢᠨ ᠪᠠᠶᠢᠴᠠᠭᠠᠵᠤ᠂ | ᠬᠠᠤᠯᠢ ᠬᠡᠷᠡᠭᠵᠢᠭᠦᠯᠬᠦ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠮᠦᠷᠡᠨ ᠨᠠᠭᠤᠷ ᠴᠥᠭᠦᠷᠥᠮ ᠢ | ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠬᠦ ᠪᠠᠷ ᠳᠠᠮᠵᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠡᠯ᠎ᠡ ᠵᠦᠢᠯ ᠤᠨ | ᠠᠵᠢᠯᠯᠠᠭ᠎ᠠ ᠳᠤ ᠦᠯᠦ ᠠᠭᠤᠴᠢᠯᠠᠬᠤ ᠣᠪᠣᠷ ᠢᠶᠠᠷ ᠬᠠᠨᠳᠤᠵᠤ᠂ ᠴᠢᠩᠭ᠎ᠠ ᠴᠣᠬᠢᠯᠲᠠ ᠥᠭᠭᠦᠨ᠎ᠡ᠃ ᠡᠭᠦᠨ ᠤ | ᠬᠠᠮᠲᠤ᠂ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠡᠷᠴᠢᠮᠵᠢᠬᠦᠯᠵᠦ᠂ ᠤᠯᠠᠨ ᠲᠠᠯ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠤᠯᠠᠨ ᠲᠦᠮᠡᠨ ᠤ ᠭᠤᠣᠯ ᠮᠥᠷᠡᠨ ᠨᠠᠭᠤᠷ ᠴᠥᠭᠦᠷᠥᠮ ᠤᠨ | ᠬᠠᠮᠠᠭᠠᠯᠠᠯᠲᠠ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠢ ᠬᠥᠲᠥᠯᠥᠨ ᠳᠠᠭᠠᠭᠤᠯᠵᠤ᠂ | ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠠᠵᠢᠯ ᠳᠤ ᠢᠳᠡᠪᠬᠢᠲᠡᠢ ᠣᠷᠣᠯᠴᠠᠭᠤᠯᠵᠤ᠂ ᠪᠦᠬᠦ | ᠠᠷᠠᠳ ᠢᠶᠠᠷ ᠢᠶᠠᠨ ᠭᠤᠣᠯ ᠮᠦᠷᠡᠨ ᠨᠠᠭᠤᠷ ᠴᠥᠭᠦᠷᠥᠮ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠬᠠᠮᠲᠤᠪᠠᠷ ᠪᠤᠢ ᠪᠣᠯᠭᠠᠵᠤ᠂ ᠭᠠᠬᠢᠯ ᠰᠣᠮᠣᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ᠂ | ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠨ᠎ᠠ᠃ |