4 ᠰᠠᠷ᠎ᠠ ᠶᠢᠨ 23 ᠤ ᠭᠤᠴᠢᠳᠠᠬᠢ ᠳᠡᠯᠡᠬᠡᠢ ᠶᠢᠨ ᠨᠣᠮ ᠤᠩᠰᠢᠬᠤ ᠡᠳᠦᠷ ᠢᠶᠠᠷ ᠠᠶᠠᠨ ᠨᠠᠰᠤᠵᠢᠯ ᠤᠨ | ᠠᠰᠠᠷᠠᠮᠵᠢ ᠶᠢᠨ ᠬᠦᠷᠢᠶᠡᠯᠡᠩ ᠠᠴᠠ ︽ᠨᠣᠮ ᠤᠨ ᠬᠡᠰᠢᠭ ᠳᠡᠭᠡᠳᠦᠯᠡᠭᠰᠡᠨ ᠮᠦᠩᠭᠦᠨ ᠨᠠᠰᠤᠨ ᠤ ᠭᠢᠯᠪᠠᠭ᠎ᠠ︾ ᠨᠣᠮ | ᠤᠩᠰᠢᠬᠤ ᠡᠳᠦᠷ ᠤᠨ ᠤᠳᠬ᠎ᠠ ᠳᠡᠭᠦᠯᠳᠡᠷ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃ | ᠠᠵᠢᠯᠯᠠᠭ᠎ᠠ ᠳᠤ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠭᠤᠴᠢᠭᠠᠳ ᠨᠠᠰᠤᠲᠠᠨ ᠠᠴᠠ | ᠭᠠᠷ ᠤᠨ ᠦᠰᠦᠭ ᠵᠢᠷᠤᠬᠤ ᠠᠵᠢᠯᠯᠠᠭ᠎ᠠ ᠶᠠᠪᠤᠭᠳᠠᠭᠤᠯᠵᠤ᠂ ᠰᠠᠶᠢᠨ ᠳᠤᠷ᠎ᠠ ᠠᠴᠠ ᠪᠠᠨ ᠦᠪᠡᠷ ᠤᠨ ᠤᠩᠰᠢᠭᠰᠠᠨ | ᠨᠣᠮ ᠤᠨ ᠢᠶᠠᠨ ᠲᠤᠬᠠᠢ ᠬᠤᠪᠢᠶᠠᠯᠴᠠᠨ᠂ ᠨᠣᠮ ᠤᠩᠰᠢᠬᠤ ᠲᠠᠯ᠎ᠠ ᠪᠠᠷ ᠴᠢᠯᠤᠭᠡᠲᠡᠢ ᠶᠠᠷᠢᠯᠴᠠᠭ᠎ᠠ ᠶᠢ ᠦᠷᠨᠢᠭᠦᠯᠵᠦ᠂ | ᠨᠣᠮ ᠤᠩᠰᠢᠬᠤ ᠡᠳᠦᠷ ᠢᠶᠠᠨ ᠬᠦᠷ ᠪᠠᠶᠠᠰᠤᠯ ᠲᠠᠢ᠂ ᠤᠯᠤᠯᠲᠠ ᠳᠦᠭᠦᠷᠡᠩ ᠦᠩᠭᠡᠷᠡᠭᠦᠯᠵᠡᠢ᠃ | ᠠᠵᠢᠯᠯᠠᠭ᠎ᠠ ᠳᠤᠮᠳᠠ᠂ ᠬᠤᠰᠢᠭᠤ ᠨᠣᠮ ᠤᠨ ᠰᠠᠩ ᠠᠴᠠ 150 ᠲᠡᠪᠳᠡᠷ ᠨᠣᠮ ᠬᠦᠷᠭᠡᠵᠦ᠂ | ᠬᠦᠳᠡᠯᠭᠡᠭᠡᠨ ᠳᠤ ᠤᠷᠤᠯᠴᠠᠭᠰᠠᠨ ᠨᠠᠰᠤᠲᠠᠳ ᠴᠤ ᠨᠣᠮ ᠤᠨ ᠪᠡᠯᠡᠭ᠂ ᠤᠷᠠᠨ ᠪᠢᠴᠢᠯᠭᠡ ᠶᠢᠨ ᠪᠦᠲᠦᠭᠡᠯ ᠢᠶᠠᠨ ᠠᠶᠠᠨ | ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠭᠠᠷᠳᠠᠭᠤᠯᠵᠤ᠂ ᠰᠡᠳᠬᠢᠯ ᠰᠢᠩᠭᠡᠭᠰᠡᠨ ᠠᠵᠢᠯᠯᠠᠭ᠎ᠠ ᠪᠣᠯᠵᠤ | ᠦᠩᠭᠡᠷᠡᠪᠡ᠃ | ᠲᠣᠰ ᠤᠳᠠᠭᠠᠨ ᠤ ᠠᠵᠢᠯᠯᠠᠭ᠎ᠠ ᠨᠢ᠂ ᠨᠠᠰᠤᠲᠠᠶᠢᠴᠤᠳ ᠤᠨ ᠤᠶᠤᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠵᠤ᠂ ᠨᠣᠮ ᠤᠨ ᠬᠡᠰᠢᠭ ᠢᠶᠠᠨ ᠳᠡᠭᠡᠳᠦᠯᠡᠵᠦ᠂ ᠮᠦᠩᠭᠦᠨ ᠨᠠᠰᠤᠨ ᠤ ᠭᠢᠯᠪᠠᠭ᠎ᠠ ᠪᠠᠨ | ᠰᠠᠴᠤᠷᠠᠭᠤᠯᠵᠠᠢ᠃ | |