30 ᠳᠠᠬᠢ ︽ᠳᠡᠯᠡᠬᠡᠶ ᠶᠢᠨ ᠨᠣᠮ ᠤᠩᠰᠢᠬᠤ ᠡᠳᠦᠷ ︾ ᠢ ᠪᠡᠯᠭᠡᠯᠡᠵᠦ᠂ ᠪᠥᠬᠦ ᠠᠷᠠᠳ ᠢᠶᠠᠷ ᠢᠶᠠᠨ ᠨᠣᠮ | ᠤᠩᠰᠢᠬᠤ ᠶᠢ ᠤᠯᠠᠮ ᠨᠢᠭᠡ ᠠᠯᠬᠤᠮ ᠰᠠᠨᠠᠭᠠᠴᠢᠯᠠᠵᠤ᠂ ᠭᠦᠨ ᠵᠤᠵᠠᠭᠠᠨ ᠨᠤᠮ ᠤᠨ ᠬᠡᠰᠢᠭᠲᠦ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤ ᠤᠳᠬ᠎ᠠ ᠤᠷᠠᠯᠢᠭ ᠤᠨ | ᠬᠢᠨ ᠤ ᠬᠤᠯᠪᠣᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ᠂ ᠨᠣᠮ | ᠤᠨ ᠰᠠᠩ ᠵᠢᠴᠢ ᠰᠢᠨᠬᠤᠸᠠ ᠨᠣᠮ ᠤᠨ ᠳᠡᠯᠭᠡᠭᠦᠷ ᠠᠴᠠ ᠳᠠᠭᠠᠭᠠᠴᠢᠯᠠᠨ ᠡᠷᠭᠢᠯᠡᠭᠰᠡᠨ ︽ᠪᠣᠯᠪᠠᠰᠤᠨ ᠤᠮᠠᠷᠠᠲᠤ ᠬᠢᠯᠢ | —— ᠨᠤᠮ ᠤᠨ ᠬᠡᠰᠢᠭᠲᠦ ᠦᠵᠦᠮᠦᠴᠢᠨ︾ ᠳᠡᠯᠡᠬᠡᠢ ᠶᠢᠨ ᠨᠣᠮ ᠤᠩᠰᠢᠬᠤ ᠡᠳᠦᠷ ᠲᠤ ᠵᠤᠷᠢᠭᠤᠯᠤᠭᠰᠠᠨ | ᠨᠣᠮ ᠲᠠᠨᠢᠯᠴᠠᠭᠤᠯᠬᠤ ᠭᠤᠤᠯ ᠰᠡᠲᠦᠪᠲᠦ ᠤᠷᠤᠯᠳᠤᠭᠠᠨ ᠨᠢ ᠬᠤᠰᠢᠭᠤ ᠨᠣᠮ ᠤᠨ ᠰᠠᠩ ᠳᠤ ᠶᠠᠪᠤᠭᠳᠠᠵᠤ᠂ ᠪᠥᠬᠦ | ᠬᠤᠰᠢᠭᠤᠨ ᠤ 30 ᠨᠤᠮ ᠤᠨ ᠪᠠᠭ᠋ᠠᠲᠠᠨ ᠠᠵᠢᠯᠯᠠᠭ᠎ᠠ ᠳᠤ ᠣᠷᠣᠯᠴᠠᠵᠠᠶ ᠃ | ᠤᠷᠤᠯᠳᠤᠭᠠᠨ ᠳᠤ ᠣᠷᠣᠯᠴᠠᠭᠰᠠᠳ ᠠᠴᠠ ᠨᠣᠮ ᠪᠢᠴᠢᠭ ᠤᠩᠰᠢᠵᠤ ᠬᠤᠪᠢᠶᠠᠯᠴᠠᠬᠤ ᠬᠡᠯᠪᠡᠷᠢ ᠪᠠᠷ᠂ ᠥᠪᠡᠷ | ᠤᠨ ᠤᠩᠰᠢᠵᠤ ᠥᠩᠭᠡᠷᠡᠭᠰᠡᠨ ᠰᠢᠯᠢᠳᠡᠭ ᠨᠣᠮ ᠢᠶᠠᠨ ᠣᠯᠠᠨ ᠳᠤ ᠲᠠᠨᠢᠯᠴᠠᠭᠤᠯᠵᠠᠢ᠃ ᠬᠤᠪᠢᠶᠠᠯᠴᠠᠭᠰᠠᠨ ᠠᠭᠤᠯᠭ᠎ᠠ | ᠨᠢ ᠡᠯᠪᠡᠭ ᠪᠠᠶᠠᠯᠢᠭ ᠤᠯᠠᠨ ᠶᠠᠩᠵᠤ ᠶᠢᠨ ᠪᠠᠶᠢᠵᠤ᠂ ᠰᠣᠩᠭᠤᠳᠠᠭ ᠪᠦᠲᠦᠭᠡᠯ ᠤᠨ ᠲᠤᠬᠠᠢ ᠭᠦᠨᠵᠡᠭᠡᠢ ᠲᠠᠶᠢᠯᠤᠮᠵᠢ | ᠪᠠᠶᠢᠬᠤ ᠪᠥᠭᠡᠳ ᠤᠳᠤ ᠦᠶ᠎ᠡ ᠶᠢᠨ ᠰᠢᠯᠢᠳᠡᠭ ᠪᠦᠲᠦᠭᠡᠯ ᠤᠨ ᠲᠤᠬᠠᠢ ᠥᠪᠡᠷᠮᠢᠴᠡ ᠲᠦᠷᠦᠭᠳᠡᠯ ᠪᠠᠶᠢᠵᠤ᠂ | ᠤᠳᠬ᠎ᠠ ᠵᠣᠬᠢᠶᠠᠯ ᠤᠷᠠᠯᠢᠭ᠂ ᠲᠡᠦᠬᠡ᠂ ᠭᠦᠨ ᠤᠬᠠᠭᠠᠨ ᠵᠡᠷᠭᠡ ᠤᠯᠠᠨ ᠲᠠᠯ᠎ᠠ ᠶᠢ ᠬᠠᠮᠤᠷᠴᠠᠢ᠃ | ᠲᠤᠬᠠᠶ ᠶᠢᠨ ᠲᠠᠯᠠᠪᠠᠢ ᠳᠤ 79 ᠲᠠᠢ ᠨᠠᠰᠤᠲᠠᠨ ᠠᠴᠠ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠤᠩᠰᠢᠭᠰᠠᠨ ᠨᠤᠮ ᠤᠨ ᠲᠦᠷᠦᠭᠳᠡᠯ ᠢᠶᠠᠨ ᠤᠯᠠᠨ ᠲᠠᠢ ᠬᠤᠪᠢᠶᠠᠯᠴᠠᠵᠤ᠂ ᠬᠤᠪᠢᠶᠠᠯᠴᠠᠭᠰᠠᠨ ᠦᠯᠢᠭᠡᠷ ᠨᠢ ᠲᠤᠬᠠᠶ | ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠨᠢᠭᠡᠳᠦᠭᠡᠷ ᠳᠡᠰ ᠤᠨ ᠱᠠᠩᠨᠠᠯ 1 ᠨᠡᠷ᠎ᠡ᠂ | ᠬᠤᠶᠠᠳᠤᠭᠠᠷ ᠳᠡᠰ ᠤᠨ ᠱᠠᠩᠨᠠᠯ 2 ᠨᠡᠷ᠎ᠡ᠂ ᠭᠤᠷᠪᠠᠳᠤᠭᠠᠷ ᠳᠡᠰ ᠤᠨ ᠱᠠᠩᠨᠠᠯ 3 ᠨᠡᠷ᠎ᠡ᠂ ᠰᠢᠯᠢᠳᠡᠭ ᠱᠠᠩᠨᠠᠯ 6 | ᠨᠡᠷ᠎ᠡ ᠶᠢ ᠰᠢᠯᠭᠠᠷᠠᠭᠤᠯᠤᠨ ᠭᠠᠷᠭᠠᠵᠤ᠂ ᠢᠷᠠᠭᠤ ᠠᠯᠳᠠᠷ ᠤᠨ ᠦᠨᠡᠮᠯᠡᠯ ᠵᠢᠴᠢ ᠳᠤᠷᠠᠰᠬᠠᠯ ᠤᠨ ᠪᠣᠳᠠᠰ | ᠭᠠᠷᠳᠠᠭᠤᠯᠵᠤ᠂ ᠲᠡᠳᠡᠨ ᠤ ᠦᠷᠭᠦᠯᠵᠢᠯᠡᠨ ᠨᠤᠮ ᠰᠠᠶᠢᠨ ᠤᠩᠰᠢᠬᠤ ᠶᠢ ᠵᠣᠷᠢᠭᠵᠢᠭᠤᠯᠵᠤ᠂ ᠨᠠᠩ ᠣᠯᠠᠨ ᠬᠥᠮᠦᠨ ᠢ | ᠳᠠᠶᠢᠴᠢᠯᠠᠨ ᠨᠣᠮ ᠤᠩᠰᠢᠬᠤ ᠳᠤ ᠤᠷᠤᠯᠴᠠᠭᠤᠯᠬᠤ ᠶᠢ ᠬᠦᠰᠡᠵᠡᠢ᠃ | ᠲᠣᠰ ᠤᠳᠠᠭᠠᠨ ᠤ ᠠᠵᠢᠯᠯᠠᠭ᠎ᠠ ᠨᠢ ᠪᠥᠬᠦ ᠬᠤᠰᠢᠭᠤᠨ ᠤ ᠨᠣᠮ ᠤᠩᠰᠢᠬᠤ ᠪᠠᠭ᠋ᠠᠲᠠᠳ ᠲᠤ ᠥᠪᠡᠷ ᠢ ᠪᠠᠨ | ᠢᠯᠡᠷᠡᠭᠦᠯᠵᠦ᠂ ᠦᠵᠡᠯ ᠰᠠᠨᠠᠭ᠎ᠠ ᠪᠠᠨ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ | ᠪᠣᠳᠠᠲᠤ ᠠᠵᠢᠯᠯᠠᠭ᠎ᠠ ᠪᠠᠷ ᠢᠶᠠᠨ ᠪᠥᠬᠦ ᠠᠷᠠᠳ ᠤᠨ ᠨᠣᠮ ᠤᠩᠰᠢᠬᠤ ᠶᠢᠨ ᠭᠦᠨᠵᠡᠭᠡᠶ ᠥᠷᠨᠢᠬᠦ ᠶᠢ ᠠᠬᠢᠭᠤᠯᠵᠤ᠂ | ︽ᠪᠣᠯᠪᠠᠰᠤᠨ ᠤᠮᠠᠷᠠᠲᠤ ᠬᠢᠯᠢ 丨 ᠨᠤᠮ ᠤᠨ ᠬᠡᠰᠢᠭᠲᠦ ᠦᠵᠦᠮᠦᠴᠢᠨ︾ ᠭᠡᠬᠦ ᠣᠶᠢᠯᠠᠭᠠᠭᠳᠠᠬᠤᠨ ᠢ ᠬᠥᠮᠦᠰ | ᠤᠨ ᠰᠡᠳᠬᠢᠯ ᠳᠤ ᠭᠦᠨ ᠬᠠᠳᠠᠩᠰᠢᠭᠤᠯᠵᠠᠶ᠃ ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤ | ᠣᠯᠠᠨ ᠶᠠᠩᠵᠤ ᠬᠡᠯᠪᠡᠷᠢ ᠶᠢᠨ ᠤᠩᠰᠢᠵᠤ ᠳᠡᠯᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ | ᠲᠦᠮᠡᠨ ᠤ ᠰᠣᠶᠣᠯ ᠤᠨ ᠠᠮᠢᠳᠤᠷᠠᠯ ᠢ ᠦᠷᠭᠦᠯᠵᠢᠯᠡᠨ ᠪᠠᠶᠠᠯᠢᠭᠵᠢᠭᠤᠯᠵᠤ᠂ ᠨᠤᠮ ᠤᠨ ᠬᠡᠰᠢᠭᠲᠦ ᠨᠡᠶᠢᠭᠡᠮ ᠢ | ᠪᠠᠶᠢᠭᠤᠯᠬᠤ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ ᠃ |