︽5 · 1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ | ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤ ᠨᠢ 4 ᠰᠠᠷ᠎ᠠ ᠶᠢᠨ 28 ᠤ ᠡᠳᠦᠷ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ︽ᠬᠢᠨᠠᠨ ᠪᠠᠶᠢᠴᠠᠭᠠᠬᠤ + ᠤᠬᠠᠭᠤᠯᠤᠨ ᠵᠢᠯᠣᠭᠤᠳᠬᠤ︾ ᠬᠤᠤᠰ | ᠵᠠᠭᠪᠤᠷ ᠢᠶᠠᠷ ᠶᠠᠪᠤᠭᠳᠠᠪᠠ᠄ ᠨᠢᠭᠡ ᠲᠠᠯ᠎ᠠ ᠪᠠᠷ᠂ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠯᠪᠠᠨ ᠭᠡᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠤᠨ ᠦᠢᠯᠡᠳᠪᠦᠷᠢᠯᠡᠬᠦ ᠲᠠᠯᠠᠪᠤᠷ᠂ ᠬᠥᠮᠥᠷᠭᠡ ᠵᠡᠷᠭᠡ | ᠭᠤᠤᠯᠳᠠᠯᠭ᠎ᠠ ᠲᠠᠢ ᠲᠠᠯᠠᠪᠤᠷ ᠢ ᠵᠢᠭᠰᠠᠭᠠᠨ ᠪᠠᠶᠢᠴᠠᠭᠠᠵᠤ᠂ ᠴᠠᠬᠢᠯᠭᠠᠨ᠂ ᠰᠢᠲᠠᠮᠠᠬᠠᠶ ᠬᠡᠶ᠂ ᠭᠠᠯ ᠤᠨᠲᠠᠷᠠᠭᠠᠬᠤ | ᠪᠡᠯᠡᠳᠬᠡᠮᠵᠢ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡ ᠵᠢᠴᠢ ᠡᠷᠡᠭᠦᠯ ᠢ ᠬᠠᠮᠠᠭᠠᠯᠠᠵᠤ ᠬᠢᠵᠢᠭ ᠢ | ᠰᠡᠷᠭᠡᠶᠢᠯᠡᠬᠦ ᠵᠡᠷᠭᠡ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ ᠭᠠᠴᠠᠭᠠᠨ ᠤ ᠮᠠᠯᠵᠢᠬᠤ ᠡᠷᠦᠬᠡ ᠳᠤ ᠬᠦᠷᠴᠦ | ᠪᠠᠶᠢᠴᠠᠭᠠᠬᠤ ᠶᠢ ᠵᠡᠷᠭᠡ ᠳᠤᠨᠢ ᠥᠷᠨᠢᠭᠦᠯᠵᠦ᠂ ᠮᠠᠯᠵᠢᠬᠤ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ᠂ | ᠰᠢᠲᠠᠮᠠᠬᠠᠶ ᠬᠡᠶ ᠶᠢᠨ ᠠᠮᠤᠷ ᠲᠦᠪᠰᠢᠨ ᠵᠢᠴᠢ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠵᠡᠷᠭᠡ ᠳᠠᠯᠳᠠ ᠬᠡᠮ ᠳᠤ ᠴᠢᠭᠯᠡᠭᠦᠯᠦᠨ ᠲᠤᠰᠬᠠᠶ ᠵᠢᠯᠣᠭᠤᠳᠣᠯᠭ᠎ᠠ ᠬᠢᠪᠡ᠃ | ᠨᠦᠭᠦᠭᠡ ᠲᠠᠯ᠎ᠠ ᠪᠠᠷ᠂ ᠪᠠᠶᠢᠴᠠᠭᠠᠬᠤ ᠳᠤᠭᠤᠶᠢᠯᠠᠩ ᠨᠢ ᠠᠵᠢᠯ ᠤᠨ ᠠᠷᠭ᠎ᠠ ᠶᠢ ᠰᠢᠨ᠎ᠡ ᠪᠠᠷ ᠡᠭᠦᠳᠴᠦ᠂ | ︽ᠠᠶᠤᠯᠭᠦᠢ ᠦᠢᠯᠡᠳᠪᠦᠷᠢᠯᠡᠯ ᠤᠨ ᠮᠡᠳᠡᠪᠡᠯ ᠵᠣᠬᠢᠬᠤ ᠭᠠᠷ ᠠᠪᠤᠯᠭ᠎ᠠ︾᠂ ︽ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷ ᠠᠪᠤᠯᠭ᠎ᠠ︾ ᠲᠠᠷᠬᠠᠭᠠᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠳᠠᠨ ᠪᠠ ᠮᠠᠯᠴᠢᠨ ᠲᠦᠮᠡᠨ ᠳᠤ ᠠᠶᠤᠯᠭᠦᠢ | ᠦᠢᠯᠡᠳᠪᠦᠷᠢᠯᠡᠯ ᠤᠨ ᠬᠠᠤᠯᠢ ᠲᠣᠭᠲᠠᠭᠠᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠴᠢᠳᠠᠪᠤᠷᠢ ᠵᠢᠴᠢ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠨᠡᠶᠢᠳᠡ 30 ᠭᠠᠷᠤᠢ ᠬᠥᠮᠦᠨ | ᠤᠳᠠᠭ᠎ᠠ ᠶᠢ ᠬᠠᠮᠤᠷᠴᠤ᠂ ᠪᠦᠬᠦ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠢ | ᠴᠢᠩᠭᠠᠳᠬᠠᠵᠠᠢ᠃ | ᠳᠠᠷᠠᠭᠠᠴᠢ ᠶᠢᠨ ᠠᠯᠬᠤᠮ ᠳᠤ᠂ ᠡᠵᠢᠨᠠᠭᠤᠷ ᠪᠠᠯᠭᠠᠰᠤ ᠨᠢ ᠠᠶᠤᠯᠭᠦᠢ ᠦᠢᠯᠡᠳᠪᠦᠷᠢᠯᠡᠯ ᠤᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠶᠢ | ᠬᠠᠮᠢᠶᠠᠷᠴᠤ ᠭᠤᠷᠪᠠᠨ ᠡᠷᠬᠡᠪᠰᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠯᠭᠠᠰᠤᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | |