ᠬᠠᠳᠠᠪᠴᠢ ᠪᠠᠯᠭᠠᠰᠤᠨ ᠤ ᠪᠠᠶᠠᠨᠵᠢᠯᠠᠭ᠎ᠠ ᠭᠠᠴᠠᠭ᠎ᠠ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/5/8
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠤᠨ ᠴᠢᠳᠠᠪᠤᠷᠢᠲᠠᠨ ᠢ  ᠬᠦᠮᠤᠵᠢᠭᠦᠯᠬᠦ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ᠬᠠᠳᠠᠪᠴᠢ ᠪᠠᠯᠭᠠᠰᠤᠨ ᠤ ᠪᠠᠶᠠᠨᠵᠢᠯᠠᠭ᠎ᠠ ᠭᠠᠴᠠᠭ᠎ᠠ  40 ᠭᠠᠷᠤᠢ ᠮᠠᠯᠴᠢᠨ ᠲᠦᠮᠡᠨ ᠢ ᠵᠣᠬᠢᠶᠠᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠡᠷᠬᠢᠯᠡᠵᠦ᠂ ᠲᠤᠬᠠᠢ ᠶᠢᠨ ᠭᠠᠵᠠᠷ ᠤᠨ ᠤᠨᠴᠠᠯᠢᠬᠳᠤ ᠪᠦᠲᠦᠭᠡᠭᠳᠡᠬᠦᠨ ᠤ ᠪᠣᠷᠣᠯᠠᠭᠤᠯᠭ᠎ᠠ ᠪᠣᠯᠤᠨ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃      ᠠᠵᠢᠯᠯᠠᠭ᠎ᠠ ᠶᠢᠨ ᠳᠤᠮᠳᠠ᠂ ᠬᠤᠰᠢᠭᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠭᠰᠢ ᠶᠢ ᠤᠷᠢᠨ ᠬᠢᠴᠢᠶᠡᠯ ᠣᠷᠣᠭᠤᠯᠪᠠ᠃ ᠪᠠᠭᠰᠢ ᠨᠠᠷ ︽ᠣᠬᠤᠷ ᠬᠠᠷᠠᠭᠠᠨ ᠳᠠᠪᠲᠠᠮᠵᠢ ᠶᠢᠨ ᠪᠣᠳᠠᠲᠤ ᠪᠣᠯᠪᠠᠰᠤᠷᠠᠯ + ᠤᠨᠤᠯ ᠤᠨ ᠮᠡᠳᠡᠯᠭᠡ ᠶᠠᠷᠢᠬᠤ︾ ᠠᠷᠭ᠎ᠠ ᠬᠡᠯᠪᠡᠷᠢ ᠪᠠᠷ ᠳᠠᠮᠵᠢᠭᠤᠯᠤᠨ᠂  2024 ᠤᠨ ᠤ ᠲᠢᠺ ᠲᠤᠺ ᠶᠢᠨ ᠤᠷᠤᠰᠬᠠᠯ ᠤᠨ ᠬᠡᠮᠵᠢᠶ᠎ᠡ‌ᠵᠡᠷᠭᠡ ᠶᠢ ᠨᠠᠷᠢᠨ ᠵᠠᠳᠠᠯᠤᠨ᠂ ᠰᠡᠭᠦᠳᠡᠷᠯᠡᠬᠦ᠂ ᠬᠠᠶᠢᠴᠢᠯᠠᠨ ᠨᠠᠶᠢᠷᠠᠭᠤᠯᠬᠤ᠂ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ  ᠵᠡᠷᠭᠡ‌‍ᠶᠢ ᠰᠢᠰᠲ᠋ᠧᠮ ᠲᠠᠢ ᠲᠠᠶᠢᠯᠪᠤᠷᠢᠯᠠᠬᠤ ᠶᠢᠨ ᠬᠠᠮᠲᠤ ᠠᠰᠠᠭᠤᠯᠲᠠ ᠬᠠᠷᠢᠭᠤᠯᠬᠤ ᠬᠡᠯᠪᠡᠷᠢ ᠪᠠᠷ ᠰᠤᠷᠤᠯᠴᠠᠭᠰᠠᠳ ᠤᠨ ᠮᠠᠳᠠᠭ ᠲᠠᠢ ᠠᠰᠠᠭᠤᠳᠠᠯ ᠢ ᠬᠠᠷᠢᠭᠤᠯᠪᠠ᠃ ᠲᠣᠰ ᠤᠳᠠᠭᠠᠨ ᠤ ᠡᠯᠧᠺᠲᠷᠣᠨ ᠬᠤᠳᠠᠯᠳᠤᠭᠠᠨ ᠤ  ᠪᠤᠯᠪᠠᠰᠤᠷᠠᠯ ᠨᠢ ᠮᠠᠯᠴᠢᠳ ᠢ ᠬᠠᠪᠰᠤᠷᠤᠨ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠲᠤᠬᠠᠶ ᠶᠢᠨ ᠭᠠᠵᠠᠷ ᠤᠨ ᠣᠨᠴᠠᠯᠢᠭᠲᠤ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠡᠯᠧᠺᠲᠷᠣᠨ ᠬᠤᠳᠠᠯᠳᠤᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠮᠥᠨ ᠭᠡᠳᠡᠭ ᠢ ᠣᠯᠠᠨ ᠳᠤ ᠣᠶᠢᠯᠠᠭᠠᠭᠤᠯᠵᠤ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠴᠡᠶ᠃      ᠳᠠᠷᠠᠭᠠᠴᠢ ᠶᠢᠨ ᠠᠯᠬᠤᠮ ᠳᠤ᠂ ᠪᠠᠶᠠᠨᠵᠢᠯᠠᠭ᠎ᠠ ᠭᠠᠴᠠᠭ᠎ᠠ ᠦᠷᠭᠦᠯᠵᠢᠯᠡᠨ ᠨᠡᠩ ᠤᠯᠠᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠮᠠᠯᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号