ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠮᠡᠭᠲᠡᠶ ᠴᠠᠭᠳᠠᠭ᠎ᠠ ᠨᠠᠷ ᠤᠨ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/5/9
      30 ᠳ᠋ᠤᠭᠠᠷ ᠳᠡᠯᠡᠬᠡᠶ ᠶᠢᠨ ᠨᠣᠮ ᠤᠩᠰᠢᠬᠤ ᠡᠳᠦᠷ ᠢᠶᠠᠷ᠂ ᠭᠦᠨ ᠵᠤᠵᠠᠭᠠᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠮᠡᠭᠲᠡᠶᠢᠴᠦᠳ ᠤᠨ ᠵᠥᠪᠯᠡᠯ 《 ᠡᠮᠡᠭᠲᠡᠶᠢᠴᠦᠳ ᠤᠨ ᠪᠢᠴᠢᠭ ᠤᠨ ᠰᠤᠷᠪᠤᠯᠵᠢᠲᠤ᠂ ᠴᠠᠭᠳᠠᠭᠠᠨ ᠤ ᠬᠡᠪ ᠨᠠᠮᠪᠠᠳᠤ 》 ᠡᠮᠡᠭᠲᠡᠶ ᠴᠠᠭᠳᠠᠭ᠎ᠠ ᠨᠠᠷ ᠤᠨ ᠨᠣᠮ ᠤᠩᠰᠢᠬᠤ᠂  ᠨᠣᠮ ᠬᠤᠪᠢᠶᠠᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠡᠢ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠣᠯᠠᠨ ᠢᠶᠠᠷ ᠢᠶᠠᠨ ᠶᠠᠭᠤᠨ ᠤ ᠡᠮᠦᠨ᠎ᠡ ᠨᠣᠮ ᠤᠨ ᠰᠠᠩ ᠢ ᠲᠣᠭᠤᠷᠢᠨ ᠦᠵᠡᠵᠦ᠂ ᠠᠵᠢᠯᠲᠠᠨ ᠤ ᠨᠠᠷᠢᠨ ᠲᠠᠶᠢᠯᠤᠮᠵᠢ ᠳᠣᠤᠷ᠎ᠠ᠂ ᠨᠣᠮ ᠤᠨ ᠰᠠᠩ ᠤᠨ ᠡᠬᠢ ᠪᠠᠶᠠᠯᠢᠭ ᠤᠨ ᠲᠠᠷᠬᠠᠯᠲᠠ ᠪᠠ ᠣᠨᠴᠠᠯᠢᠭ ᠢ ᠣᠶᠢᠯᠠᠭᠠᠵᠤ᠂ ᠮᠡᠳᠡᠯᠭᠡ ᠶᠢᠨ ᠣᠷᠳᠣᠨ ᠤ ᠷᠢᠳᠢ ᠰᠢᠳᠢ ᠶᠢ  ᠮᠡᠳᠡᠷᠡᠭᠰᠡᠨ ᠪᠠᠶᠢᠨ᠎ᠠ  ᠃      ᠳᠠᠷᠠᠭ᠎ᠠ ᠨᠢ᠂ ᠬᠠᠮᠲᠤ ᠶᠢᠨ ᠤᠩᠰᠢᠯᠭ᠎ᠠ ᠦᠷᠨᠢᠭᠦᠯᠵᠦ᠂ ᠰᠣᠩᠭᠤᠳᠠᠭ ᠠᠯᠳᠠᠷᠲᠤ ᠪᠦᠲᠦᠭᠡᠯ᠂ ᠲᠤᠬᠠᠶᠢᠯᠠᠭᠰᠠᠨ ᠠᠵᠢᠯ ᠤᠨ ᠮᠡᠳᠡᠯᠭᠡ᠂ ᠰᠣᠶᠣᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠤᠭᠰᠠᠨ ᠨᠣᠮ ᠪᠢᠴᠢᠭ ᠢ ᠲᠤᠬᠠᠶ ᠶᠢᠨ ᠲᠠᠯᠠᠪᠠᠶ ᠳᠤ ᠬᠠᠩᠭᠠᠵᠤ᠂ ᠠᠷᠠᠳ ᠤᠨ ᠲᠤᠰᠠᠯᠠᠭᠴᠢ ᠴᠠᠭᠳᠠᠭ᠎ᠠ ᠨᠠᠷ ᠬᠤᠪᠢ ᠬᠥᠮᠦᠨ ᠤ ᠳᠤᠷ᠎ᠠ ᠰᠣᠨᠢᠷᠬᠠᠯ ᠢᠶᠠᠷ ᠢᠶᠠᠨ ᠪᠡᠶ᠎ᠡ ᠪᠠᠨ ᠳᠠᠭᠠᠭᠠᠵᠤ ᠰᠣᠩᠭᠤᠨ᠂ ᠨᠠᠮ ᠵᠢᠮ ᠣᠷᠴᠢᠨ ᠲᠣᠭᠤᠷᠢᠨ ᠳᠤ ᠰᠡᠳᠬᠢᠯ ᠳᠡᠯᠪᠢᠨ ᠤᠩᠰᠢᠵᠤ᠂ ᠮᠡᠳᠡᠯᠭᠡ ᠶᠢᠨ ᠰᠢᠮ᠎ᠡ ᠬᠦᠷᠲᠡᠯ᠎ᠡ᠃ ᠮᠥᠨ ᠴᠤ ᠨᠣᠮ ᠤᠩᠰᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ ᠨᠣᠮ ᠤᠩᠰᠢᠭᠰᠠᠨ ᠲᠦᠷᠦᠭᠳᠡᠯ ᠪᠣᠯᠤᠨ ᠣᠯᠤᠯᠲᠠ  ᠪᠠᠨ ᠬᠤᠪᠢᠶᠠᠯᠴᠠᠪᠠ᠃ ᠨᠣᠮ ᠳᠣᠲᠣᠷᠠᠬᠢ ᠰᠤᠩᠭᠤᠲᠠᠭ ᠬᠡᠰᠡᠭ ᠪᠠᠳᠠᠭ ᠪᠤᠶᠤ  ᠰᠡᠩᠬᠡᠷᠡᠭᠦᠯᠦᠯ᠂ ᠠᠮᠢᠳᠤᠯᠢᠭ ᠲᠣᠭᠠᠴᠢᠯᠲᠠ ᠶᠢ ᠴᠢᠯᠦᠭᠡᠲᠡᠢ ᠶᠠᠷᠢᠯᠴᠠᠵᠤ᠂ ᠴᠠᠭᠳᠠᠭ᠎ᠠ ᠨᠠᠷ  ᠤᠯᠤᠯᠲᠠ  ᠳᠦᠭᠦᠷᠡᠩ ᠪᠠᠶᠢᠯ᠎ᠠ  ᠃      ᠲᠣᠰ ᠤᠳᠠᠭᠠᠨ ᠤ ᠠᠵᠢᠯᠯᠠᠭ᠎ᠠ ᠨᠢ᠂ ᠡᠮᠡᠭᠲᠡᠢ ᠴᠠᠭᠳᠠᠭ᠎ᠠ ᠨᠠᠷ ᠲᠤ ᠦᠵᠡᠯ ᠰᠠᠨᠠᠭ᠎ᠠ ᠪᠠᠨ ᠰᠣᠯᠢᠯᠴᠠᠬᠤ᠂ ᠲᠥᠷᠥᠭᠳᠡᠯ ᠢᠶᠠᠨ ᠬᠤᠪᠢᠶᠠᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ ᠪᠠᠰᠠ ᠣᠯᠠᠨ ᠤ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ ᠶᠢᠨ ᠡᠮᠡᠭᠲᠡᠶ ᠴᠠᠭᠳᠠᠭ᠎ᠠ ᠶᠢᠨ ᠰᠤᠷᠤᠯᠴᠠᠬᠤ ᠳᠤᠷᠠᠲᠠᠶ᠂ ᠰᠡᠳᠬᠢᠬᠦ ᠳᠡᠭᠡᠨ ᠴᠢᠳᠠᠮᠠᠭᠠᠶ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ  ᠃      ᠢᠷᠡᠭᠡᠳᠦᠶ ᠳᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠤᠷᠤᠯᠴᠠᠬᠤ ᠬᠡᠯᠪᠡᠷᠢ ᠶᠢᠨ ᠴᠠᠭᠳᠠᠭᠠᠨ  ᠤ ᠬᠤᠸᠠᠷᠠᠨ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠳᠣᠲᠣᠭᠠᠳᠤ ᠶᠢ ᠬᠠᠮᠠᠭᠠᠯᠠᠬᠤ ᠦᠶᠯᠡᠰ ᠤᠨ ᠬᠥᠭᠵᠢᠯᠲᠡ  ᠳᠤ ᠨᠠᠩ ᠣᠯᠠᠨ ᠰᠣᠶᠣᠯ ᠤᠨ ᠬᠦᠴᠦᠨ ᠨᠡᠮᠡᠷᠢᠯᠡᠨ᠎ᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号