ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠡᠩᠨᠡᠭᠡᠨ ᠤ | ᠶᠡᠷᠦᠩᠬᠡᠶᠢᠯᠡᠭᠰᠡᠨ ᠬᠡᠪ ᠴᠢᠨᠠᠷ ᠪᠠ ᠠᠮᠤᠷ ᠲᠦᠪᠰᠢᠨ ᠢᠶᠠᠷ ᠭᠠᠯ ᠤᠨᠲᠠᠷᠠᠭᠠᠬᠤ ᠴᠢᠳᠠᠪᠤᠷᠢ ᠶᠢ ᠰᠢᠯᠭᠠᠨ ᠪᠠᠶᠢᠴᠠᠭᠠᠬᠤ | ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ 2025 ᠣᠨ ᠤ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠣᠯᠪᠠᠰᠤᠷᠠᠯ ᠪᠠ ᠰᠣᠷᠢᠯᠲᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ | ᠲᠣᠰ ᠤᠳᠠᠭᠠᠨ ᠤ ᠪᠣᠯᠪᠠᠰᠤᠷᠠᠯ ᠨᠢ ᠤᠯᠠᠭᠠᠨᠮᠥ᠋ᠴᠢᠷ ᠤᠨ ᠣᠯᠠᠨ ᠴᠢᠳᠠᠮᠵᠢᠲᠤ ᠮᠡᠳᠡᠭᠦᠯᠦᠯᠲᠡ ᠶᠢᠨ ᠲᠢᠩᠬᠢᠮ | ᠳᠤ ᠶᠠᠪᠤᠭᠳᠠᠵᠤ᠂ ᠮᠠᠨ ᠤ ᠬᠤᠰᠢᠭᠤᠨ ᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠤᠯᠢᠶᠠᠰᠤᠲᠠᠢ | ᠪᠠᠯᠭᠠᠰᠤᠨ ᠤ ᠳᠤᠮᠳᠠ ᠠᠩᠭᠢ ᠶᠢᠨ ᠪᠠᠶᠢᠯᠳᠤᠭᠠᠨ ᠤ ᠨᠢᠭᠡᠳᠦᠭᠡᠷ ᠲᠠᠰᠤᠭ ᠤᠨ ᠳᠠᠷᠤᠭ᠎ᠠ ᠸᠠᠩ ᠰᠢᠩ ᠬᠦᠶ ᠠᠴᠠ | 《 ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠶ᠎ᠠ᠄ ᠭᠠᠯ ᠰᠡᠷᠭᠡᠶᠢᠯᠡᠵᠦ | ᠭᠠᠯ ᠤᠨᠲᠠᠷᠠᠭᠠᠬᠤ ᠰᠠᠭᠤᠷᠢ ᠣᠨᠣᠯ ᠪᠠ ᠬᠡᠷᠡᠭ ᠤᠨ ᠵᠢᠱᠢᠶ᠎ᠡ ᠶᠢᠨ ᠵᠠᠳᠠᠯᠤᠯᠲᠠ 》ᠭᠡᠬᠦ ᠰᠡᠳᠦᠪ ᠢᠶᠠᠷ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠨᠳᠦᠰᠦᠨ ᠶᠡᠷᠦ ᠶᠢᠨ ᠮᠡᠳᠡᠯᠭᠡ᠂ ᠴᠢᠭᠯᠡᠯᠲᠡ | ᠵᠠᠷᠴᠢᠮ᠂ ᠪᠠᠶᠢᠯᠳᠤᠬᠤ ᠠᠷᠭ᠎ᠠ ᠵᠢᠴᠢ ᠭᠠᠯ ᠲᠦᠶᠮᠡᠷ ᠤᠨ ᠲᠠᠯᠠᠪᠤᠷ ᠤᠨ ᠠᠶᠤᠯ ᠠᠴᠠ ᠵᠠᠶᠢᠯᠠᠬᠤ ᠵᠡᠷᠭᠡ ᠠᠭᠤᠯᠭ᠎ᠠ | ᠶᠢ ᠪᠥᠬᠦ ᠲᠠᠯ᠎ᠠ ᠪᠠᠷ ᠭᠦᠨᠵᠡᠭᠡᠶ ᠲᠠᠨᠢᠯᠴᠠᠭᠤᠯᠤᠭᠰᠠᠨ ᠪᠥᠭᠡᠳ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ | ᠲᠣᠨᠣᠭᠯᠠᠯ ᠢᠶᠠᠨ ᠡᠮᠦᠰᠴᠦ᠂ ᠬᠡᠷᠡᠭᠯᠡᠬᠦ ᠵᠢᠴᠢ ᠣᠯᠠᠨ ᠬᠡᠯᠪᠡᠷᠢ ᠶᠢᠨ ᠰᠠᠯᠬᠢᠨ ᠤ ᠬᠦᠴᠦ ᠪᠠᠷ ᠭᠠᠯ ᠤᠨᠲᠠᠷᠠᠭᠠᠬᠤ | ᠮᠠᠰᠢᠨ᠂ ᠭᠠᠯ ᠤᠨᠲᠠᠷᠠᠭᠠᠬᠤ ᠬᠡᠪᠢᠰ᠂ ᠭᠠᠯ ᠰᠡᠷᠭᠡᠶᠢᠯᠡᠬᠦ ᠪᠥᠰ ᠤᠨ ᠠᠵᠢᠯᠯᠠᠭᠠᠨ ᠤ ᠲᠤᠬᠠᠶ ᠲᠤᠬᠠᠶ ᠶᠢᠨ ᠲᠠᠯᠠᠪᠠᠶ | ᠶᠢᠨ ᠦᠵᠡᠭᠦᠯᠦᠯᠭᠡ ᠬᠢᠵᠡᠢ᠃ | ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ | ᠤᠨ ᠠᠯᠪᠠᠨ ᠬᠡᠷ ᠠᠴᠠ ᠨᠢᠭᠡᠳᠦᠯᠲᠡᠶ ᠲᠥᠯᠥᠪᠵᠢᠭᠦᠯᠦᠨ ᠵᠢᠯᠣᠭᠤᠳᠴᠤ᠂ ᠬᠤᠰᠢᠭᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ | ᠦᠶᠯᠡᠴᠢᠯᠡᠭᠡᠨ ᠤ ᠲᠥᠪ᠂ ᠣᠶ ᠰᠢᠭᠤᠶ ᠶᠢᠨ ᠭᠠᠯ ᠢ ᠰᠡᠷᠭᠡᠶᠢᠯᠡᠨ ᠤᠨᠲᠠᠷᠠᠭᠠᠬᠤ ᠶᠡᠭᠡ ᠠᠩᠭᠢ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠡᠭᠡᠷ᠎ᠡ ᠭᠠᠳᠠᠨ᠎ᠠ ᠰᠠᠭᠤᠭ᠎ᠠ ᠠᠭᠤᠷᠬᠠᠶ ᠶᠢᠨ ᠠᠵᠤ ᠠᠬᠤᠶᠢᠯᠠᠯ ᠵᠡᠷᠭᠡ ᠡᠯ᠎ᠡ ᠪᠦᠷᠢᠯᠳᠦᠬᠦᠨ ᠨᠢᠭᠡᠴᠢ | ᠪᠠᠷ ᠪᠦᠷᠢᠯᠳᠦᠭᠰᠡᠨ ᠭᠠᠯ ᠤᠨᠲᠠᠷᠠᠭᠠᠬᠤ ᠠᠩᠭᠢ ᠬᠤᠰᠢᠭᠤ ᠠᠵᠤ ᠦᠶᠯᠡᠳᠪᠦᠷᠢ ᠶᠢᠨ ᠬᠦᠷᠢᠶᠡᠯᠡᠩ ᠳᠤ ᠬᠦᠷᠴᠦ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠰᠣᠷᠢᠯᠲᠠ ᠬᠢᠪᠠ᠃ ᠰᠣᠷᠢᠯᠲᠠ ᠨᠢ ᠬᠦᠷᠢᠶᠡᠯᠡᠩ ᠤᠨ | ᠪᠠᠷᠠᠭᠤᠨ ᠲᠠᠯ᠎ᠠ ᠳᠤ ᠭᠡᠨᠡᠳᠲᠡ ᠭᠠᠯ ᠭᠠᠷᠴᠤ᠂ ᠭᠠᠯ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠬᠦ ᠠᠶᠤᠯ ᠲᠠᠢ | ᠪᠠᠶᠢᠬᠤ ᠪᠠᠷ ᠲᠦᠰᠦᠭᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠭᠠᠯ ᠤᠨᠲᠠᠷᠠᠭᠠᠬᠤ ᠠᠩᠭᠢ ᠶᠢᠨ ᠬᠢᠨ ᠦᠳᠲᠡᠷ | ᠲᠦᠷᠭᠡᠨ ᠴᠤᠭᠯᠠᠷᠠᠵᠤ᠂ ᠭᠠᠯ ᠰᠡᠷᠭᠡᠶᠢᠯᠡᠬᠦ ᠲᠣᠨᠣᠭᠯᠠᠯ ᠢᠶᠠᠷ ᠲᠤᠬᠠᠶ ᠶᠢᠨ ᠲᠠᠯᠠᠪᠠᠶ ᠳᠤ ᠬᠦᠷᠴᠦ᠂ ᠭᠠᠯ | ᠤᠨᠲᠠᠷᠠᠭᠠᠬᠤ ᠮᠠᠰᠢᠨ ᠢᠶᠠᠷ ᠭᠠᠯ ᠢ ᠤᠨᠳᠠᠷᠭᠠᠭᠰᠠᠨ ᠤ ᠬᠠᠮᠲᠤ ᠭᠠᠯ ᠰᠡᠷᠭᠡᠶᠢᠯᠡᠬᠦ ᠪᠥᠰ ᠢᠶᠠᠷ ᠲᠤᠰᠠᠭᠠᠷᠯᠠᠬᠤ ᠪᠦᠰᠡ | ᠶᠢ ᠲᠦᠷᠭᠡᠨ ᠪᠠᠶᠢᠷᠢᠯᠠᠭᠤᠯᠵᠤ᠂ ᠭᠠᠯ ᠦᠷᠪᠢᠰᠬᠦ ᠵᠠᠮ ᠢ ᠲᠠᠰᠤᠯᠵᠠᠢ᠃ ᠨᠤᠲᠤᠭ ᠪᠡᠯᠴᠢᠭᠡᠷ ᠤᠨ ᠭᠠᠯ ᠤᠨᠲᠠᠷᠠᠭᠠᠬᠤ | ᠲᠡᠷᠭᠡ ᠨᠢ ᠤᠶᠠᠨ ᠬᠠᠳᠠᠨ᠂ ᠥᠨᠳᠥᠷ ᠦᠷ᠎ᠡ ᠪᠦᠲᠦᠮᠵᠢᠲᠡᠶ ᠭᠠᠯ ᠤᠨᠲᠠᠷᠠᠭᠠᠬᠤ ᠳᠠᠪᠠᠭᠤᠯᠢᠭ ᠢ ᠪᠠᠳᠠᠷᠠᠭᠤᠯᠵᠤ᠂ | ᠭᠠᠯ ᠤᠨᠲᠠᠷᠠᠭᠠᠬᠤ ᠬᠡᠪᠢᠰ ᠢᠶᠠᠷ ᠭᠠᠯ ᠤᠨᠲᠠᠷᠠᠭᠠᠬᠤ ᠱᠤᠭᠤᠮ ᠢ ᠳᠠᠷᠤᠵᠤ᠂ ᠭᠠᠯ ᠤᠨᠲᠠᠷᠠᠭᠠᠬᠤ ᠤᠰᠤᠨ ᠰᠠᠪᠠ ᠲᠠᠢ | ᠲᠡᠷᠭᠡ ᠨᠢ ᠬᠠᠷᠪᠤᠯᠲᠠ ᠶᠢᠨ ᠵᠠᠶ ᠪᠠᠷ ᠬᠤᠯᠠ᠂ ᠤᠷᠤᠰᠬᠠᠯ ᠤᠨ ᠬᠡᠮᠵᠢᠶ᠎ᠡ ᠶᠡᠭᠡ ᠪᠠᠶᠢᠬᠤ ᠳᠠᠪᠠᠭᠤᠯᠢᠭ ᠢ ᠵᠡᠷᠭᠡᠪᠡᠷ | ᠠᠰᠢᠭᠯᠠᠨ ᠢᠯᠡ ᠭᠠᠯ ᠢ ᠤᠨᠲᠠᠷᠠᠭᠠᠵᠠᠢ᠃ ᠣᠯᠠᠨ ᠢᠶᠠᠷ ᠢᠶᠠᠨ 1 ᠴᠠᠭ ᠤᠨ ᠬᠠᠮᠵᠢᠯᠴᠠᠭ᠎ᠠ ᠪᠠᠷ ᠳᠠᠮᠵᠢᠨ᠂ ᠭᠠᠯ | ᠤᠨ ᠪᠠᠶᠢᠳᠠᠯ ᠢ ᠠᠮᠵᠢᠯᠲᠠ ᠲᠠᠢ ᠤᠨᠲᠠᠷᠠᠭᠠᠪᠠ᠃ | ᠲᠤᠰ ᠣᠳᠠᠭᠠᠨ ᠤ ᠰᠣᠷᠢᠯᠲᠠ ᠨᠢ ᠪᠡᠯᠡᠳᠬᠡᠯ ᠲᠥᠰᠦᠯ ᠤᠨ ᠠᠵᠢᠯ ᠤᠨ ᠬᠤᠪᠢᠶᠠᠷᠢᠯᠠᠯ ᠢ ᠴᠢᠩᠭ᠎ᠠ | ᠵᠢᠷᠤᠮᠯᠠᠵᠤ᠂ ᠪᠠᠴᠢᠮ ᠪᠥᠭᠡᠳ ᠡᠮᠬᠢ ᠵᠢᠷᠤᠮ ᠲᠠᠢ᠂ ᠨᠢᠭᠲᠠ ᠬᠠᠮᠵᠢᠯᠴᠠᠵᠤ᠂ ᠪᠦᠲᠦᠮᠵᠢᠲᠡᠶ ᠰᠢᠶᠳᠪᠦᠷᠢᠯᠡᠵᠦ᠂ | ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠡᠶ᠃ ᠲᠣᠰ ᠤᠳᠠᠭᠠᠨ ᠤ ᠠᠵᠢᠯᠯᠠᠭ᠎ᠠ ᠨᠢ ᠣᠨᠣᠯ ᠤᠨ ᠪᠣᠯᠪᠠᠰᠤᠷᠠᠯ ᠪᠠ | ᠪᠣᠳᠠᠲᠠᠶ ᠰᠣᠷᠢᠯᠲᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠡᠮᠵᠢᠨ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ | ᠴᠢᠨᠠᠷ ᠢ ᠰᠢᠯᠭᠠᠨ ᠪᠠᠶᠢᠴᠠᠭᠠᠵᠤ᠂ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ ᠵᠣᠬᠢᠴᠠᠭᠤᠯᠬᠤ ᠴᠢᠳᠠᠪᠤᠷᠢ᠂ ᠣᠯᠠᠨ ᠰᠠᠯᠠᠭ᠎ᠠ ᠮᠥᠴᠢᠷ | ᠤᠨ ᠬᠠᠮᠵᠢᠯᠴᠠᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ᠂ ᠶᠡᠷᠦᠩᠬᠡᠶᠢᠯᠡᠭᠰᠡᠨ | ᠪᠠᠲᠤᠯᠠᠭ᠎ᠠ ᠶᠢᠨ ᠴᠢᠳᠠᠪᠤᠷᠢ ᠪᠠ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ | ᠠᠯᠬᠤᠮ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠷᠲᠡ ᠠᠴᠠ ᠰᠡᠷᠭᠡᠶᠢᠯᠡᠬᠦ᠂ | ᠪᠠᠭ᠎ᠠ ᠠᠴᠠ ᠨᠢ ᠤᠨᠲᠠᠷᠠᠭᠠᠬᠤ᠂ ᠨᠢᠭᠡᠨᠲᠠ ᠤᠨᠲᠠᠷᠠᠭᠠᠭᠰᠠᠨ ᠪᠠ ᠲᠦᠷᠭᠡᠨ ᠲᠤᠰᠬᠠᠬᠤ ᠶᠢ ᠪᠡᠶᠡᠯᠡᠭᠦᠯᠬᠦ ᠳᠤ ᠪᠠᠲᠤ | ᠪᠠᠬᠢ ᠪᠠᠲᠤᠯᠠᠭ᠎ᠠ ᠬᠠᠩᠭᠠᠵᠠᠢ ᠃ |