4 ᠰᠠᠷ᠎ᠠ ᠶᠢᠨ 24 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠵᠠᠩ ᠶᠢᠨ ᠯᠢᠶᠠᠩ ᠨᠠᠷ ᠰᠠᠮᠠᠢ ᠰᠤᠮᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠵᠠᠰᠠᠯᠲᠠ ᠶᠢᠨ | ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠰᠤᠮᠤᠨ | ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠡᠯ᠎ᠡ ᠭᠠᠴᠠᠭᠠᠨ ᠤ ᠬᠠᠷᠢᠭᠤᠴᠠᠯᠭᠠᠲᠠᠨ ᠣᠷᠣᠯᠴᠠᠪᠠ᠃ | ᠬᠤᠷᠠᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠴᠠᠭᠠᠨ ᠤ《ᠬᠤᠶᠠᠷ ᠵᠥᠪᠯᠡᠯ》 ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠡᠯᠡᠳᠬᠡᠯ ᠠᠵᠢᠯ ᠤᠨ ᠪᠠᠶᠢᠳᠠᠯ᠂ ᠪᠢᠴᠢᠯ ᠡᠷᠬᠡ ᠶᠢᠨ ᠠᠵᠢᠯᠯᠠᠭᠠᠨ ᠤ | ᠪᠠᠶᠢᠳᠠᠯ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ | ᠰᠣᠨᠣᠰᠪᠠ᠃ | ᠵᠠᠩ ᠶᠢᠨ ᠯᠢᠶᠠᠩ ᠠᠴᠠ᠂ ᠨᠢᠭᠡ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠯᠤᠰ ᠲᠦᠷᠦ ᠶᠢᠨ ᠪᠣᠳᠣᠯᠬᠢᠯᠠᠯ ᠪᠣᠯᠤᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠭᠡᠬᠦ ᠡᠨᠡ ᠬᠦ ᠬᠥᠪᠴᠢ ᠶᠢ ᠴᠠᠭ ᠢᠮᠠᠭᠲᠠ | ᠴᠢᠩᠭᠠᠯᠠᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ᠬᠤᠶᠠᠷ ᠲᠤ᠂ ᠭᠠᠴᠠᠭᠠᠨ ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ | ᠬᠢᠵᠦ᠂ ᠤᠷᠢᠳᠴᠢᠯᠠᠨ ᠲᠥᠰᠦᠪᠯᠡᠵᠦ᠂ ᠡᠮᠦᠨᠡᠬᠢ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠪᠠᠶᠢᠴᠠᠭᠠᠨ ᠵᠢᠭᠰᠠᠭᠠᠬᠤ ᠠᠵᠢᠯ ᠢ ᠰᠠᠶᠢᠲᠤᠷ ᠬᠢᠵᠦ᠂ ᠭᠠᠴᠠᠭᠠᠨ ᠤ《ᠬᠤᠶᠠᠷ ᠵᠥᠪᠯᠡᠯ》 ᠤᠨ ᠪᠡᠯᠡᠳᠬᠡᠯ ᠺᠠᠳ᠋ᠷ ᠤᠨ | ᠰᠣᠩᠭᠤᠯᠲᠠ᠂ ᠬᠥᠮᠦᠵᠢᠭᠦᠯᠦᠯ᠂ ᠬᠡᠷᠡᠭᠯᠡᠭᠡᠨ ᠤ ᠪᠢᠲᠡᠭᠦᠮᠵᠢᠯᠡᠭᠰᠡᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠭᠤᠷᠪᠠ ᠳᠤ᠂《ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ》 ᠤᠨ ᠬᠠᠮᠢᠶᠠᠷᠤᠯᠲᠠ᠂《 ᠪᠢᠴᠢᠯ ᠡᠷᠬᠡ》 ᠶᠢᠨ | ᠠᠵᠢᠯ ᠤᠨ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠦᠨ ᠵᠠᠯᠠᠷᠠᠭᠤᠯᠵᠤ᠂ ᠭᠤᠷᠪᠠᠨ ᠶᠠᠪᠤᠳᠠᠯ ᠢ ᠢᠯᠡ ᠪᠣᠯᠭᠠᠬᠤ ᠶᠢ ᠴᠢᠩᠭᠠᠷᠠᠭᠤᠯᠤᠨ᠂ ᠴᠢᠬᠤᠯᠠ ᠶᠡᠭᠡ | ᠵᠣᠭᠤᠰ ᠤᠨ ᠲᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠢᠯᠡ ᠲᠣᠳᠣ | ᠪᠠᠶᠢᠯᠭᠠᠬᠤ ᠬᠡᠷᠡᠭᠲᠡᠶ᠃ ᠳᠥᠷᠪᠡ ᠳᠤ᠂ ᠭᠠᠴᠠᠭᠠᠨ ᠤ ᠠᠯᠪᠠᠨ ᠲᠡᠷᠭᠡ ᠶᠢ ᠴᠢᠩᠭ᠎ᠠ ᠬᠡᠷᠡᠭᠯᠡᠨ᠂ ᠳᠦᠷᠢᠮᠵᠢᠭᠦᠨ | ᠶᠠᠪᠤᠴᠠ ᠶᠢ ᠪᠠᠲᠤᠯᠠᠵᠤ᠂ ᠠᠯᠪᠠᠨ ᠲᠡᠷᠭᠡ ᠶᠢ ᠬᠤᠪᠢᠨ ᠳᠠᠭᠠᠨ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠠᠢ᠃ ᠲᠠᠪᠤ | ᠳᠤ᠂ ᠡᠷᠬᠡ ᠮᠡᠳᠡᠯ ᠤᠨ ᠬᠥᠮᠦᠨ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠣᠭᠤᠷᠢᠨ ᠪᠠᠶᠢᠴᠠᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠴᠢᠬᠤᠯᠠ ᠡᠭᠦᠷᠭᠡ ᠪᠣᠯᠭᠠᠨ ᠪᠠᠶᠢᠩᠭᠤ ᠠᠳᠬᠤᠵᠤ᠂ ᠠᠷᠠᠳ ᠲᠦᠮᠡᠨ ᠳᠤ | ᠲᠠᠭᠠᠰᠢᠶᠠᠭᠳᠠᠬᠤ ᠵᠦᠢᠯ ᠪᠤᠯᠭᠠᠬᠤ ᠬᠡᠷᠡᠭᠲᠠᠢ ᠃ | ᠬᠤᠷᠠᠯ ᠤᠨ ᠳᠠᠷᠠᠭ᠎ᠠ᠂ ᠵᠠᠩ ᠶᠢᠨ ᠯᠢᠶᠠᠩ ᠰᠠᠮᠠᠢ ᠰᠤᠮᠤᠨ ᠤ ᠲᠥᠯᠥᠭᠡᠯᠡᠭᠴᠢ ᠭᠡᠰᠢᠭᠦᠨ ᠤ ᠦᠷᠦᠭᠡ᠂ ᠠᠨᠠᠷ | ᠤᠨ ᠦᠷ᠎ᠡ ᠶᠢᠨ ᠢᠰᠡᠭᠡᠶ ᠭᠡᠷ ᠢ ᠲᠣᠭᠤᠷᠢᠨ ᠦᠵᠡᠪᠡ᠃ |