ᠭᠠᠵᠢᠭᠤ ᠨᠣᠮᠯᠠᠯ ᠢ ᠡᠰᠡᠷᠭᠦᠴᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠬᠠᠷᠢᠶ᠎ᠠ ᠣᠷᠣᠨ | ᠤ《 ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠪᠠᠷ ᠵᠠᠰᠠᠬᠤ᠂ ᠬᠠᠤᠯᠢ ᠶᠢ | ᠣᠶᠢᠯᠠᠭᠠᠬᠤ 》ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠶᠢᠨ ᠲᠦᠯᠦᠭᠡ᠂ ᠣᠶᠢᠷ᠎ᠠ ᠶᠢᠨ ᠡᠳᠦᠷ᠂ ᠰᠠᠮᠠᠢ ᠰᠤᠮᠤ ᠨᠢ | ᠰᠤᠮᠤᠨ ᠤ ᠬᠠᠤᠯᠢ ᠴᠠᠭᠠᠵᠠ ᠶᠢᠨ ᠰᠠᠯᠪᠤᠷᠢ᠂ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠭᠠᠵᠢᠭᠤ ᠨᠣᠮᠯᠠᠯ | ᠢ ᠡᠰᠡᠷᠭᠦᠴᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠠᠴᠠ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠳᠤ ᠬᠠᠮᠢᠶ᠎ᠠ | ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠣᠯᠠᠨ ᠮᠠᠯᠴᠢᠨ ᠲᠦᠮᠡᠨ ᠢ ᠰᠤᠷᠭᠠᠨ ᠬᠥᠮᠦᠵᠢᠭᠦᠯᠵᠦ | ᠬᠥᠲᠥᠯᠥᠨ ᠵᠢᠯᠣᠭᠤᠳᠴᠤ ᠪᠠᠶᠢᠭᠠᠳ ᠭᠠᠵᠢᠭᠤ ᠨᠣᠮᠯᠠᠯ ᠤᠨ ᠮᠥᠨ ᠴᠢᠨᠠᠷ ᠢ ᠵᠥᠪ ᠲᠠᠨᠢᠭᠤᠯᠵᠤ᠂ ᠲᠤᠰ ᠪᠡᠶ᠎ᠡ ᠶᠢᠨ | ᠬᠠᠤᠯᠢ ᠪᠠᠷ ᠵᠠᠰᠠᠬᠤ ᠦᠵᠡᠯᠲᠡ ᠶᠢ ᠨᠢ ᠴᠢᠩᠭᠠᠷᠠᠭᠤᠯᠤᠨ᠂ ᠭᠠᠵᠢᠭᠤ ᠨᠣᠮᠯᠠᠯ ᠤᠨ ᠦᠭᠡ ᠶᠠᠷᠢᠶ᠎ᠠ ᠶᠢ ᠰᠣᠨᠣᠰᠬᠤ | ᠦᠭᠡᠶ᠂ ᠢᠲᠡᠭᠡᠬᠦ ᠦᠭᠡᠶ᠂ ᠤᠯᠠᠮᠵᠢᠯᠠᠬᠤ ᠦᠭᠡᠶ᠂ ᠣᠷᠣᠯᠴᠠᠬᠤ ᠦᠭᠡᠶ ᠪᠣᠯᠭᠠᠵᠤ᠂ ᠭᠠᠵᠢᠭᠤ ᠨᠣᠮᠯᠠᠯ ᠤᠨ | ᠵᠣᠬᠢᠶᠠᠨ ᠪᠠᠶᠢᠭᠤᠯᠤᠯᠲᠠ ᠪᠣᠯᠤᠨ ᠬᠥᠮᠦᠰ ᠤᠨ ᠶᠠᠯᠠᠲᠤ ᠠᠵᠢᠯᠯᠠᠭ᠎ᠠ ᠶᠢ ᠣᠯᠵᠤ ᠮᠡᠳᠡᠪᠡᠯ ᠢᠳᠡᠪᠬᠢᠲᠡᠶ ᠪᠠᠷ | ᠢᠯᠡᠴᠢᠯᠡᠨ ᠮᠡᠳᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠲᠤᠪᠠᠷ ᠬᠠᠮᠠᠭᠠᠯᠠᠬᠤ | ᠬᠡᠷᠡᠭᠲᠡᠶ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠠᠮᠢᠨ ᠬᠡᠷᠡᠭ ᠡᠭᠦᠰᠬᠦ ᠶᠢ ᠪᠦᠲᠦᠮᠵᠢᠲᠡᠶ | ᠰᠡᠷᠭᠡᠶᠢᠯᠡᠬᠦ ᠶᠢᠨ ᠲᠥᠯᠥᠭᠡ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠬᠡᠷ ᠪᠦᠯᠢ ᠶᠢᠨ ᠵᠥᠷᠢᠴᠡᠯ ᠳᠤ | ᠴᠢᠭᠯᠡᠭᠦᠯᠦᠨ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠵᠥᠷᠢᠴᠡᠯ ᠢ | ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠂ ᠬᠤᠤᠷᠲᠤ ᠬᠡᠷᠡᠭ ᠡᠭᠦᠰᠬᠦ ᠶᠢ ᠰᠡᠷᠭᠡᠶᠢᠯᠡᠵᠦ᠂ | ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠲᠡ 70 ᠭᠠᠷᠤᠶ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠤ᠂ ᠮᠠᠯᠴᠢᠨ ᠲᠦᠮᠡᠨ ᠤ ᠭᠠᠵᠢᠭᠤ ᠨᠣᠮᠯᠠᠯ᠂ ᠠᠮᠢᠨ ᠬᠡᠷᠡᠭ ᠤᠨ ᠲᠤᠬᠠᠶ ᠲᠠᠨᠢᠯᠲᠠ ᠶᠢ | ᠪᠦᠲᠦᠮᠵᠢᠲᠡᠶ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠪᠠ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠪᠡ᠃ | ᠬᠤᠶᠢᠰᠢᠳᠠ᠂ ᠰᠠᠮᠠᠢ ᠰᠤᠮᠤ ᠨᠢ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠢᠨᠡᠴᠢᠯᠡᠵᠦ᠂ ᠠᠮᠤᠷ | ᠠᠮᠤᠭᠤᠯᠠᠩ ᠰᠠᠮᠠᠢ ᠰᠤᠮᠤ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ |