ᠵᠡᠭᠦᠨ ᠦᠵᠦᠮᠦᠴᠢᠨ ᠬᠤᠰᠢᠭᠤ《ᠬᠦᠰᠡᠯᠡᠩ ᠵᠠᠯᠠᠭᠤ ᠨᠠᠰᠤ 》ᠨᠡᠷᠡᠮᠵᠢᠲᠦ ᠵᠠᠯᠠᠭᠤᠴᠤᠳ ᠤᠨ ᠣᠨᠣᠯ ᠰᠤᠷᠤᠯᠴᠠᠬᠤ ᠵᠢᠱᠢᠶ᠎ᠡ ᠦᠵᠡᠭᠦᠯᠬᠦ ᠴᠢᠨᠠᠷᠲᠠᠶ ᠰᠤᠳᠤᠯᠤᠨ ᠶᠠᠷᠢᠯᠴᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/6/3
      5 ᠳ᠋ᠤᠭᠠᠷ ᠰᠠᠷ᠎ᠠ ᠶᠢᠨ 21᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠬᠠᠮᠲᠤᠷᠠᠨ《 ᠬᠦᠰᠡᠯᠡᠩ ᠵᠠᠯᠠᠭᠤ ᠨᠠᠰᠤ 》ᠨᠡᠷᠡᠮᠵᠢᠲᠦ ᠵᠠᠯᠠᠭᠤᠴᠤᠳ ᠤᠨ ᠣᠨᠣᠯ ᠰᠤᠷᠤᠯᠴᠠᠬᠤ ᠵᠢᠱᠢᠶ᠎ᠡ ᠦᠵᠡᠭᠦᠯᠬᠦ ᠴᠢᠨᠠᠷᠲᠠᠶ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠭᠢᠯᠡᠪᠡ  ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ  ᠃      ᠵᠧᠦ ᠸᠧ ᠮᠢᠨ᠂ ᠵᠠᠯᠠᠭᠤ ᠺᠠᠳ᠋ᠷ ᠪᠣᠯ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ ᠪᠣᠯᠬᠤ ᠪᠥᠭᠡᠳ ᠰᠤᠷᠲᠠᠯ ᠤᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ  ᠃ ᠣᠳᠣᠬᠠᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ᠵᠠᠯᠠᠭᠤ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠢᠯᠡᠳᠦᠯᠭᠡ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ  ᠃      ᠠᠵᠢᠯᠯᠠᠭ᠎ᠠ ᠶᠢᠨ ᠠᠬᠤᠢ ᠲᠠᠯᠠᠪᠠᠢ ᠳᠤ  ᠂ ᠲᠤᠰᠬᠠᠢ ᠰᠡᠳᠦᠪᠲᠦ ᠹᠢᠯᠢᠮ ᠢ ᠰᠣᠨᠢᠷᠬᠠᠵᠤ᠂ ᠪᠥᠬᠦ ᠬᠤᠰᠢᠭᠤᠨ ᠎ ᠤ ᠵᠠᠯᠠᠭᠤ ᠺᠠᠳ᠋ᠷᠴᠤᠳ ᠤᠨ ᠲᠥᠯᠥᠭᠡᠯᠡᠭᠴᠢᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠳᠦ ᠨᠣᠮ ᠤᠨ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ  ᠃  ᠰᠠᠮᠠᠢ ᠰᠤᠮᠤ ᠪᠣᠯᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠲᠥᠯᠥᠭᠡᠯᠡᠭᠴᠢ ᠲᠤᠰ ᠨᠢᠭᠡᠴᠡ ᠶᠢᠨ ᠢᠶᠠᠨ ᠵᠠᠯᠠᠭᠤᠴᠤᠳ ᠤᠨ ᠤᠨᠤᠯ ᠰᠤᠷᠤᠯᠴᠠᠬᠤ ᠲᠣᠭᠲᠠᠴᠠ ᠎ ᠶᠢᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ ᠲᠠᠯ᠎ᠠ ᠪᠠᠷ ᠬᠢ ᠥᠪᠡᠷᠮᠢᠴᠡ ᠲᠤᠷᠰᠢᠯᠭ᠎ᠠ ᠠᠷᠭ᠎ᠠ ᠬᠢᠳᠡᠯ ᠢ ᠬᠤᠪᠢᠶᠠᠯᠴᠠᠪᠠ᠃ ᠳᠠᠷᠠᠭ᠎ᠠ ᠨᠢ᠂ ᠣᠯᠠᠨ ᠢᠶᠠᠷ ᠢᠶᠠᠨ 《 ᠢᠲᠡᠭᠡᠯ ᠵᠢᠷᠤᠮ ᠢ ᠡᠷᠬᠢᠮᠯᠡᠨ ᠣᠭ ᠰᠠᠨᠠᠭ᠎ᠠ ᠎ ᠪᠠᠨ ᠣᠶᠢᠯᠠᠭᠠᠵᠤ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠦᠨ᠎ᠡ 》 ᠭᠡᠬᠦ ᠭᠠᠷ ᠤᠨ ᠥᠰᠥᠭ ᠵᠢᠷᠤᠬᠤ ᠬᠡᠷᠡᠮ ᠳᠡᠭᠡᠷ᠎ᠡ ᠭᠠᠷ ᠤᠨ ᠥᠰᠥᠭ ᠵᠢᠷᠤᠵᠤ ᠠᠮᠠᠯᠠᠯᠲᠠ ᠬᠢᠪᠠ  ᠃      ᠲᠣᠰ ᠤᠳᠠᠭᠠᠨ ᠤ ᠠᠵᠢᠯᠯᠠᠭ᠎ᠠ ᠨᠢ 《 ᠬᠡᠷᠡᠭ ᠤᠨ ᠵᠢᠱᠢᠶ᠎ᠡ ᠶᠢᠨ ᠬᠥᠮᠦᠵᠢᠯ + ᠨᠣᠮ ᠤᠩᠰᠢᠬᠤ ᠶᠢ ᠬᠠᠮᠲᠤ ᠪᠠᠷ ᠡᠳ᠋ᠯᠡᠬᠦ + ᠠᠮᠠᠯᠠᠯᠲᠠ ᠪᠠᠨ ᠦᠶᠯᠡᠳᠦᠯᠭᠡᠵᠢᠭᠦᠯᠬᠦ 》 ᠬᠡᠯᠪᠡᠷᠢ ᠪᠠᠷ ᠳᠠᠮᠵᠢᠭᠤᠯᠤᠨ᠂ ᠣᠨᠣᠯ ᠤᠨ ᠰᠤᠷᠤᠯᠴᠠᠯᠭ᠎ᠠ ᠪᠠ ᠰᠤᠷᠲᠠᠯ ᠤᠨ ᠪᠠᠶᠢᠭᠤᠯᠤᠯᠲᠠ ᠶᠢ ᠣᠷᠭᠠᠨᠢᠭ ᠢᠶᠠᠷ ᠠᠭᠤᠰᠤᠯᠴᠠᠭᠤᠯᠵᠤ᠂ 《 ᠰᠤᠷᠤᠯᠴᠠᠬᠤ᠂ ᠰᠡᠳᠬᠢᠬᠦ᠂ ᠦᠶᠯᠡᠳᠦᠯᠭᠡᠵᠢᠭᠦᠯᠬᠦ᠂ ᠣᠶᠢᠯᠠᠭᠠᠬᠤ 》 ᠪᠦᠷᠢᠨ ᠪᠦᠲᠦᠨ ᠭᠤᠭᠴᠤᠭ᠎ᠠ ᠶᠢ ᠪᠦᠷᠢᠯᠳᠦᠭᠦᠯᠵᠦ᠂ ᠵᠠᠯᠠᠭᠤᠴᠤᠳ ᠤᠨ ᠣᠨᠣᠯ ᠤᠨ ᠬᠥᠮᠦᠵᠢᠯ ᠤᠨ ᠨᠥᠯᠥᠭᠡᠯᠡᠬᠦ ᠬᠦᠴᠦᠨ ᠢ ᠪᠦᠲᠦᠮᠵᠢᠲᠡᠶ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠎ ᠢ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠲᠥᠷᠦᠯ ᠤᠨ ᠠᠵᠢᠯ ᠦᠶᠯᠡᠰ ᠤᠨ ᠬᠥᠭᠵᠢᠯᠲᠡ ᠳᠤ  ᠬᠦᠴᠦᠨ  ᠨᠡᠮᠡᠷᠢᠯᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号