2025 ᠣᠨ ᠤ 1— 4 ᠰᠠᠷ᠎ᠠ ᠶᠢᠨ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ
ᠨᠡᠶᠢᠲᠡᠯᠡᠭᠰᠡᠨ ᠴᠠᠭ᠄
2025/6/3
      ᠨᠢᠭᠡ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ      2025 ᠣᠨ ᠤ 1 — 4 ᠰᠠᠷ᠎ᠠ ᠳᠤ᠂ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭ᠎ᠠ ᠨᠡᠶᠢᠲᠡ 219.69 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 248%᠎ ᠪᠠᠷ ᠨᠡᠮᠡᠭᠳᠡᠵᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 219.19 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 252% ᠨᠡᠮᠡᠭᠳᠡᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 0.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.97%᠎ ᠪᠠᠷ ᠪᠠᠭᠤᠷᠠᠪᠠ᠃      ᠬᠤᠶᠠᠷ᠂ ᠬᠢᠯᠢ ᠪᠠᠷ ᠣᠷᠣᠵᠤ ᠭᠠᠷᠤᠭᠰᠠᠨ ᠬᠥᠮᠦᠰ᠂ ᠲᠡᠷᠭᠡ ᠬᠥᠰᠬᠡ ᠶᠢᠨ ᠪᠠᠶᠢᠳᠠᠯ      ︵ᠨᠢᠭᠡ︶ ᠬᠢᠯᠢ ᠪᠠᠷ ᠣᠷᠣᠵᠤ ᠭᠠᠷᠤᠭᠰᠠᠨ ᠬᠥᠮᠦᠰ ᠤᠨ ᠪᠠᠶᠢᠳᠠᠯ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠬᠥᠮᠦᠰ 46256 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 157%᠎ ᠪᠠᠷ ᠨᠡᠮᠡᠭᠳᠡᠨ᠂ ᠡᠭᠦᠨ ᠳᠤ ᠬᠢᠯᠢ ᠪᠠᠷ ᠣᠷᠣᠵᠤ ᠢᠷᠡᠭᠰᠡᠨ ᠬᠥᠮᠦᠰ 22972 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 156%᠎ ᠪᠠᠷ ᠨᠡᠮᠡᠭᠳᠡᠨ᠂ ᠬᠢᠯᠢ ᠠᠴᠠ ᠭᠠᠷᠤᠭᠰᠠᠨ ᠬᠥᠮᠦᠰ 23284 ᠬᠥᠮᠦᠨ ᠤᠳᠠᠭ᠎ᠠ ᠳᠤ ᠬᠦᠷᠴᠡᠶ᠃ ᠠᠳᠠᠯᠢ ᠬᠤᠭᠤᠴᠠᠭᠠᠨ ᠤ ᠬᠢ ᠠᠴᠠ 159% ᠨᠡᠮᠡᠭᠳᠡᠭᠰᠡᠨ           ᠪᠠᠶᠢᠨ᠎ᠠ᠃ ᠬᠢᠯᠢ ᠪᠠᠷ ᠣᠷᠣᠵᠤ ᠭᠠᠷᠤᠭᠰᠠᠨ ᠫᠠᠰᠫᠣᠷᠲ ᠲᠠᠢ ᠠᠶᠠᠨᠴᠢᠳ 9944 ᠬᠥᠮᠦᠨ ᠤᠳᠠᠭ᠎ᠠ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 56.69%᠎ ᠪᠠᠷ ᠨᠡᠮᠡᠭᠳᠡᠵᠡᠶ᠂ ᠡᠭᠦᠨ ᠳᠤ ᠬᠢᠯᠢ ᠪᠠᠷ ᠣᠷᠣᠵᠤ ᠢᠷᠡᠭᠰᠡᠨ ᠠᠶᠠᠨᠴᠢᠳ 5067 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 58.04%᠎ ᠪᠠᠷ ᠨᠡᠮᠡᠭᠳᠡᠨ᠂ ᠬᠢᠯᠢ ᠠᠴᠠ ᠭᠠᠷᠤᠭᠰᠠᠨ ᠠᠶᠠᠨᠴᠢᠳ 4877 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.31%᠎ ᠪᠠᠷ ᠨᠡᠮᠡᠭᠳᠡᠪᠡ᠃      ︵ᠬᠤᠶᠠᠷ︶ ᠬᠢᠯᠢ ᠪᠠᠷ ᠣᠷᠣᠵᠤ ᠭᠠᠷᠤᠭᠰᠠᠨ ᠲᠡᠷᠭᠡ ᠬᠥᠰᠬᠡ ᠶᠢᠨ ᠪᠠᠶᠢᠳᠠᠯ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 46256 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 157%᠎ ᠪᠠᠷ ᠨᠡᠮᠡᠭᠳᠡᠵᠡᠶ᠂ ᠡᠭᠦᠨ ᠳᠤ ᠬᠢᠯᠢ ᠪᠠᠷ ᠣᠷᠣᠵᠤ ᠢᠷᠡᠭᠰᠡᠨ ᠲᠡᠷᠭᠡ 22972 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 156%᠎ ᠪᠠᠷ ᠨᠡᠮᠡᠭᠳᠡᠨ᠂ ᠬᠢᠯᠢ ᠠᠴᠠ ᠭᠠᠷᠤᠭᠰᠠᠨ ᠲᠡᠷᠭᠡ 23284 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 159%᠎ ᠪᠠᠷ ᠨᠡᠮᠡᠭᠳᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号