ᠬᠠᠷᠢᠶᠠᠲᠤ ᠣᠷᠣᠨ ᠤ ᠮᠠᠯᠴᠢᠨ ︵ᠰᠠᠭᠤᠭᠠᠯᠢ︶ ᠲᠦᠮᠡᠨ ᠤ ᠲᠡᠮᠦᠷ ᠵᠠᠮ ᠢᠶᠠᠨ ᠬᠠᠶᠢᠷᠠᠯᠠᠨ ᠬᠠᠮᠠᠭᠠᠯᠠᠬᠤ | ᠤᠬᠠᠮᠰᠠᠷ ᠢ ᠳᠡᠭᠡᠭᠰᠢᠯᠡᠭᠦᠯᠵᠦ᠂ ᠲᠡᠮᠦᠷ ᠵᠠᠮ ᠤᠨ ᠠᠮᠤᠷ ᠲᠦᠪᠰᠢᠨ ᠢ ᠬᠤᠯᠪᠤᠭᠠᠯᠠᠨ ᠰᠡᠷᠬᠡᠶᠢᠯᠡᠨ ᠡᠵᠡᠮᠳᠡᠬᠦ | ᠪᠠᠶᠢᠳᠠᠯ ᠢ ᠪᠤᠢ ᠪᠤᠯᠭᠠᠬᠤ ᠶᠢᠨ ᠲᠤᠯᠠᠳᠠ᠂ ᠭᠠᠬᠢᠯ ᠰᠤᠮᠤ ︽ᠲᠡᠮᠦᠷ ᠵᠠᠮ ᠠᠷᠠᠳ ᠲᠦᠮᠡᠨ ᠳᠤ ᠦᠢᠯᠡᠴᠢᠯᠡᠵᠤ | ᠠᠷᠠᠳ ᠲᠦᠮᠡᠨ ᠲᠡᠮᠦᠷ ᠵᠠᠮ ᠢᠶᠠᠨ ᠬᠠᠮᠠᠭᠠᠯᠠᠬᠤ︾ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠬᠦᠯᠪᠡ᠃ | ᠪᠤᠯᠪᠠᠰᠤᠷᠠᠯ ᠢ ᠭᠦᠨᠵᠡᠭᠡᠶᠢᠷᠡᠭᠦᠯᠵᠦ᠂ ᠰᠠᠭᠤᠷᠢ ᠶᠢ ᠪᠠᠬᠢᠵᠢᠭᠦᠯᠪᠠ᠃ ᠰᠤᠮᠤ ᠶᠢᠨ ᠺᠠᠳ᠋ᠷ ᠠᠵᠢᠯᠲᠠᠨ᠂ ᠲᠡᠮᠦᠷ | ᠵᠠᠮ ᠳᠠᠭᠠᠤ ᠶᠢᠨ ᠭᠠᠴᠠᠭᠠᠨ ᠤ ︽ᠬᠤᠶᠠᠷ ᠵᠥᠪᠯᠡᠯ︾ ᠤᠨ ᠭᠡᠰᠢᠬᠦᠳ ᠵᠢᠴᠢ ᠵᠠᠮ ᠬᠠᠮᠠᠭᠠᠯᠠᠭᠴᠢ ᠶᠢ ᠵᠣᠬᠢᠶᠠᠨ | ᠪᠠᠶᠢᠭᠤᠯᠵᠤ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ᠃ ᠲᠤᠬᠠᠢ ᠶᠢᠨ ᠲᠠᠯᠠᠪᠤᠷ ᠲᠤ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠭᠦᠨᠵᠡᠭᠡᠢ ᠲᠠᠶᠢᠯᠪᠤᠷᠢᠯᠠᠬᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ | ᠬᠠᠷᠢᠯᠴᠠᠨ ᠠᠰᠠᠭᠤᠵᠤ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠲᠡᠮᠦᠷ ᠵᠠᠮ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ | ᠰᠢᠰᠲ᠋ᠧᠮ ᠲᠠᠢ ᠰᠤᠷᠤᠯᠴᠠᠪᠠ᠃ ᠪᠠᠰᠠ ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠭᠠᠵᠠᠷ ᠤᠨ ᠪᠠᠶᠢᠴᠠ᠂ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠣᠨᠴᠠᠯᠢᠭ ᠲᠠᠢ ᠤᠶᠠᠯᠳᠤᠭᠤᠯᠤᠨ᠂ ᠲᠡᠮᠦᠷ ᠵᠠᠮ ᠤᠨ ᠪᠡᠯᠡᠳᠬᠡᠮᠵᠢ ᠶᠢᠨ | ᠬᠠᠮᠠᠭᠠᠯᠠᠯᠲᠠ ᠶᠢᠨ ᠭᠤᠣᠯᠳᠠᠯᠭ᠎ᠠ᠂ ᠵᠠᠮ ᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠵᠢᠷᠤᠮᠵᠢᠯ ᠵᠡᠷᠭᠡ ᠶᠢ | ᠭᠤᠣᠯᠳᠠᠯᠭ᠎ᠠ ᠲᠠᠢ ᠵᠠᠳᠠᠯᠵᠤ᠂ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠣᠯᠠᠨ | ᠲᠦᠮᠡᠨ ᠳᠤ ᠤᠬᠠᠭᠤᠯᠭ᠎ᠠ ᠶᠢᠨ ᠠᠵᠢᠯ ᠢ ᠨᠠᠷᠢᠯᠢᠭ ᠣᠨᠣᠴᠠᠲᠠᠢ ᠪᠠᠷ ᠥᠷᠨᠢᠭᠦᠯᠬᠦ ᠳᠤ ᠰᠠᠭᠤᠷᠢ ᠲᠠᠯᠪᠢᠪᠠ᠃ | ᠤᠬᠠᠭᠤᠯᠤᠨ ᠵᠢᠯᠤᠭᠤᠳᠴᠤ᠂ ᠬᠠᠮᠲᠤ ᠶᠢᠨ ᠲᠠᠨᠢᠯᠲᠠ ᠶᠢ ᠳᠡᠭᠡᠭᠰᠢᠯᠡᠭᠦᠯᠪᠡ᠃ ᠰᠤᠮᠤ ᠶᠢᠨ ᠠᠵᠢᠯᠲᠠᠳ | ᠪᠣᠯᠣᠨ ᠵᠠᠮ ᠬᠠᠮᠠᠭᠠᠯᠠᠭᠴᠢᠳ ᠮᠠᠯᠵᠢᠬᠤ ︵ᠰᠠᠭᠤᠭᠠᠯᠢ︶ ᠡᠷᠦᠬᠡ ᠳᠤ ᠭᠦᠨᠵᠡᠭᠡᠶᠢᠷᠡᠵᠦ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠲᠡᠮᠦᠷ | ᠵᠠᠮ ᠤᠨ ᠬᠠᠤᠯᠢ ᠲᠣᠭᠲᠠᠭᠠᠯ ᠢ ᠤᠬᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠮᠦᠷ | ᠵᠠᠮ ᠤᠨ ᠠᠮᠤᠷ ᠲᠦᠪᠰᠢᠨ ᠤ ᠲᠣᠭᠲᠠᠭᠠᠯ ᠢ ᠵᠢᠷᠤᠮᠯᠠᠭᠤᠯᠵᠤ᠂ ᠲᠡᠮᠦᠷ ᠵᠠᠮ ᠤᠨ ᠲᠥᠬᠦᠭᠡᠷᠦᠮᠵᠢ ᠶᠢ ᠡᠪᠳᠡᠬᠦ᠂ | ᠳᠤᠷ᠎ᠠ ᠪᠠᠷ ᠮᠠᠴᠤᠬᠤ ᠵᠡᠷᠭᠡ ᠠᠶᠤᠯᠲᠠᠢ ᠠᠵᠢᠯᠯᠠᠭ᠎ᠠ ᠶᠢ ᠬᠤᠷᠢᠬᠯᠠᠬᠤ ᠤᠬᠠᠮᠰᠠᠷ ᠢ ᠴᠢᠩᠭᠠᠳᠬᠠᠪᠠ᠃ ᠲᠡᠵᠢᠭᠡᠨ | ᠦᠷᠡᠵᠢᠭᠦᠯᠬᠦ ᠡᠷᠦᠬᠡ ᠳᠤ ᠴᠢᠭᠯᠡᠭᠦᠯᠦᠨ᠂ ᠮᠠᠯ ᠤᠨᠤᠭ᠎ᠠ ᠶᠢᠨ ᠲᠡᠮᠦᠷ ᠵᠠᠮ ᠤᠨ ᠱᠤᠭᠤᠮ ᠳᠤ ᠣᠷᠣᠬᠤ | ᠲᠦᠭᠰᠢᠭᠦᠷᠢ ᠶᠢ ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠬᠠᠮᠠᠭᠠᠯᠠᠯᠲᠠ ᠶᠢᠨ ᠣᠷᠣᠨ ᠳᠤ ᠮᠠᠯ ᠬᠠᠷᠢᠭᠤᠯᠬᠤ ᠶᠢᠨ ᠬᠤᠣᠷ ᠬᠥᠨᠥᠭᠡᠯ ᠢ ᠲᠠᠶᠢᠯᠪᠤᠷᠢᠯᠡᠨ᠂ ᠬᠠᠮᠢᠶ᠎ᠠ ᠪᠦᠬᠦᠢ | ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠪᠠ᠃ | ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠢ ᠬᠠᠯᠬᠠᠪᠴᠢ ᠶᠢ ᠪᠠᠬᠢᠵᠢᠭᠦᠯᠪᠡ᠃ | ᠰᠤᠮᠤᠨ ᠤ ᠠᠵᠢᠯᠲᠠᠨ ᠪᠣᠯᠣᠨ ᠵᠠᠮ ᠬᠠᠮᠠᠭᠠᠯᠠᠭᠴᠢ ᠶᠢ ᠵᠤᠬᠢᠶᠠᠨ ᠪᠠᠶᠢᠭᠤᠯᠤᠨ ᠲᠤᠰᠬᠠᠢ ᠲᠣᠭᠤᠷᠢᠨ ᠪᠠᠶᠢᠴᠠᠭᠠᠬᠤ | ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠲᠡᠮᠦᠷ ᠵᠠᠮ ᠳᠠᠭᠠᠤ ᠳᠤ ᠵᠢᠭᠰᠠᠭᠠᠨ ᠪᠠᠶᠢᠴᠠᠭᠠᠬᠤ ᠠᠵᠢᠯᠯᠠᠭ᠎ᠠ | ᠥᠷᠨᠢᠭᠦᠯᠪᠡ᠃ ᠲᠡᠮᠦᠷ ᠵᠠᠮ ᠤᠨ ᠬᠤᠶᠠᠷ ᠬᠠᠵᠠᠭᠤ ᠶᠢᠨ ᠬᠠᠮᠠᠭᠠᠯᠠᠯᠲᠠ ᠶᠢᠨ ᠲᠤᠤᠷ᠂ ᠵᠠᠮ ᠳᠠᠭᠠᠤ ᠶᠢᠨ | ᠲᠦᠬᠦᠭᠡᠷᠦᠮᠵᠢ ᠶᠢᠨ ᠠᠮᠤᠷ ᠲᠦᠪᠰᠢᠨ ᠤ ᠴᠢᠨᠠᠷ ᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠠᠴᠠ ᠭᠠᠳᠠᠨ᠎ᠠ᠂ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠲᠡᠮᠦᠷ ᠵᠠᠮ ᠳᠠᠭᠠᠤ ᠵᠢᠴᠢ ᠬᠠᠮᠠᠭᠠᠯᠠᠯᠲᠠ ᠶᠢᠨ ᠲᠣᠣᠷ ᠤᠨ | ᠡᠷᠬᠢᠨ ᠲᠣᠭᠤᠷᠢᠨ ᠤ ᠡᠯ᠎ᠡ ᠲᠦᠷᠦᠯ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠵᠦ᠂ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠠᠯᠬᠠᠪᠴᠢ ᠶᠢ | ᠪᠠᠬᠢᠵᠢᠬᠦᠯᠪᠡ᠃ |