ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠳᠦᠮᠵᠢ ᠢ ᠤᠯᠠᠮ | ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ᠡᠵᠢᠨᠠᠭᠤᠷ | ᠪᠠᠯᠭᠠᠰᠤ ᠨᠢ 2025 ᠣᠨ ᠤ ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ | ᠠᠵᠢᠯ ᠢ ᠢᠳᠡᠪᠬᠢᠲᠡᠢ ᠥᠷᠨᠢᠭᠦᠯᠵᠦ᠂ 4 ᠰᠠᠷ᠎ᠠ ᠶᠢᠨ 5 ᠤ ᠡᠳᠦᠷ ᠠᠴᠠ5 ᠰᠠᠷ᠎ᠠ ᠶᠢᠨ 19 ᠤ ᠡᠳᠦᠷ ᠬᠦᠷᠲᠡᠯ᠎ᠡ | 45 ᠡᠳᠦᠷ ᠤᠨ ᠬᠤᠭᠤᠴᠠᠭ᠎ᠠ ᠲᠠᠢ ᠪᠡᠯᠴᠢᠭᠡᠷ ᠰᠡᠷᠭᠦᠭᠡᠬᠦ ᠠᠵᠢᠯ ᠢ ᠪᠦᠬᠦ ᠪᠠᠯᠭᠠᠰᠤᠨ ᠤ ᠬᠡᠪᠴᠢᠶᠡᠨ ᠳᠤ | ᠦᠷᠭᠡᠨ ᠢᠶᠠᠷ ᠦᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠨᠢᠭᠡ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠥᠬᠦ ᠲᠠᠯ᠎ᠠ ᠪᠠᠷ ᠪᠠᠶᠢᠷᠢᠯᠠᠭᠤᠯᠪᠠ᠃ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠤ ᠪᠡᠯᠴᠢᠭᠡᠷ | ᠰᠡᠷᠭᠦᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠨᠠᠷᠢᠨ | ᠨᠢᠭᠲᠠ ᠠᠵᠢᠯ ᠤᠨ ᠲᠥᠰᠥᠯ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ | ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠪᠡᠯᠴᠢᠭᠡᠷ ᠰᠡᠷᠭᠦᠭᠡᠬᠦ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠣᠯᠠᠵᠡᠢ᠃ ᠡᠭᠦᠨ ᠤ ᠬᠠᠮᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠥᠯᠥᠭᠡ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠨᠢ ᠣᠨᠣᠯ ᠤᠨ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ︽ᠭᠤᠷᠪᠠᠨ ᠵᠦᠢᠯ ᠤᠨ ᠳᠦᠷᠢᠮ︾ ᠢ ᠭᠦᠨᠵᠡᠭᠡᠢ ᠰᠤᠷᠤᠯᠴᠠᠵᠤ᠂ ᠣᠨᠣᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠪᠠ᠃ | ᠬᠤᠶᠠᠷ᠂ ᠥᠷᠭᠡᠨ ᠢᠶᠠᠷ ᠤᠬᠠᠭᠤᠯᠵᠤ᠂ ᠪᠡᠯᠴᠢᠭᠡᠷ ᠰᠡᠷᠭᠦᠭᠡᠬᠦ ᠠᠭᠤᠷ ᠠᠮᠢᠰᠬᠤᠯ ᠢ ᠪᠣᠶ ᠪᠣᠯᠭᠠᠪᠠ᠃ | ᠮᠠᠯᠴᠢᠨ ᠲᠦᠮᠡᠨ ᠤ ᠪᠡᠯᠴᠢᠭᠡᠷ ᠰᠡᠷᠭᠦᠭᠡᠬᠦ ᠠᠵᠢᠯ ᠤᠨ ᠲᠤᠬᠠᠢ ᠲᠠᠨᠢᠯᠲᠠ ᠪᠠ ᠳᠡᠮᠵᠢᠯᠭᠡ ᠶᠢ ᠳᠡᠭᠡᠭᠰᠢᠯᠡᠭᠦᠯᠬᠦ ᠶᠢᠨ | ᠲᠥᠯᠥᠭᠡ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠡᠯ᠎ᠡ | ᠭᠠᠴᠠᠭᠠᠨ ᠤ ᠮᠠᠯᠴᠢᠨ ᠡᠷᠥᠬᠡ ᠳᠤ ᠭᠦᠨᠵᠡᠭᠡᠶᠢᠷᠡᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠴᠢ ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ | ᠥᠷᠭᠡᠨ ᠢᠶᠠᠷ ᠤᠬᠠᠭᠤᠯᠵᠤ᠂ 720 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠬᠠᠤᠯᠢ | ᠬᠡᠷᠡᠭᠵᠢᠭᠦᠯᠦᠭᠴᠢ ᠠᠴᠠ ᠮᠠᠯᠴᠢᠳ ᠲᠤ ᠮᠠᠯᠵᠢᠬᠤ ᠶᠢ ᠵᠣᠭᠰᠤᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ | ᠨᠠᠷᠢᠨ ᠲᠠᠶᠢᠯᠪᠤᠷᠢᠯᠠᠨ ᠥᠭᠴᠦ᠂ ︽ᠠᠮᠢ ᠠᠬᠤᠢ ᠶᠢᠨ ᠲᠠᠩᠰᠠ︾ ᠪᠠ ︽ᠠᠵᠤ ᠠᠬᠤᠢ ᠶᠢᠨ ᠲᠠᠩᠰᠠ︾ ᠶᠢ | ᠰᠠᠶᠢᠲᠤᠷ ᠪᠤᠳᠤᠵᠤ᠂ ᠮᠠᠯᠴᠢᠳ ᠤᠨ ᠮᠠᠯᠵᠢᠬᠤ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠲᠤᠭᠤᠱᠢᠯᠠᠭᠤᠯᠤᠨ | ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ᠂ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ | ᠪᠡᠯᠴᠢᠭᠡᠷ ᠰᠡᠷᠭᠦᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠭᠤᠷᠪᠠ᠂ ᠬᠢᠨᠠᠮᠠᠭᠠᠢ ᠬᠠᠣᠯᠢ ᠬᠡᠷᠡᠭᠵᠢᠭᠦᠯᠦᠨ᠂ ᠬᠢᠨᠠᠨ ᠬᠠᠮᠢᠶᠠᠷᠤᠯᠲᠠ ᠢᠶᠠᠨ ᠴᠢᠩᠭᠠᠳᠬᠠᠪᠠ᠃ ᠪᠡᠯᠴᠢᠭᠡᠷ | ᠰᠡᠷᠭᠦᠭᠡᠬᠦ ᠬᠤᠭᠤᠴᠠᠭᠠᠨ ᠳᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠨᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ 2 ᠰᠠᠯᠠᠭ᠎ᠠ | ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠬᠤ ᠶᠢᠨ ᠬᠠᠮᠲᠤ᠂ 6 | ᠭᠠᠴᠠᠭᠠᠨ ᠤ 28 ᠨᠡᠷᠡᠰ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠭᠴᠢ ᠲᠠᠢ ᠬᠠᠷᠢᠯᠴᠠᠵᠤ᠂ | ︽ᠬᠥᠮᠥᠨ ᠢᠶᠠᠷ ᠪᠠᠶᠢᠴᠠᠭᠠᠬᠤ + ᠮᠠᠰᠢᠨ ᠢᠶᠠᠷ ᠪᠠᠶᠢᠴᠠᠭᠠᠬᠤ︾ ᠵᠢᠴᠢ ᠭᠤᠣᠯᠳᠠᠯᠭ᠎ᠠ ᠲᠠᠢ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠳᠤ ᠬᠢᠨᠠᠨ ᠡᠵᠡᠮᠳᠡᠭᠦᠷ ᠣᠭᠰᠠᠷᠠᠬᠤ ᠠᠷᠭ᠎ᠠ ᠪᠠᠷᠢᠯ ᠢᠶᠠᠷ | ᠳᠠᠮᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠤᠶᠠᠯᠳᠤᠭᠤᠯᠵᠤ᠂ ᠡᠯ᠎ᠡ ᠭᠠᠴᠠᠭᠠᠨ ᠤ ᠪᠡᠯᠴᠢᠭᠡᠷ ᠰᠡᠷᠭᠦᠭᠡᠵᠦ | ᠪᠠᠶᠢᠭ᠎ᠠ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠠᠶᠢᠨ᠎ᠠ᠃ ᠣᠲᠣ ᠪᠣᠯᠲᠠᠯ᠎ᠠ᠂ ᠬᠠᠤᠯᠢ | ᠬᠡᠷᠡᠭᠵᠢᠭᠦᠯᠬᠦ ᠠᠵᠢᠯᠲᠡᠨ ᠢ ᠨᠡᠶᠢᠲᠡ 111 ᠬᠦᠮᠦᠨ ᠤᠳᠠᠭ᠎ᠠ ᠬᠦᠳᠡᠯᠭᠡᠵᠦ᠂ 35 ᠤᠳᠠᠭ᠎ᠠ ᠲᠡᠷᠭᠡ ᠬᠥᠳᠥᠯᠵᠦ᠂ | ᠨᠡᠶᠢᠲᠡ 384 ᠡᠷᠦᠬᠡ ᠶᠢ ᠲᠣᠭᠤᠷᠢᠨ ᠪᠠᠶᠢᠴᠠᠭᠠᠵᠤ᠂ 9 ᠬᠡᠷᠡᠭ ᠢ ᠪᠠᠶᠢᠴᠠᠭᠠᠨ ᠳᠡᠩᠰᠡᠯᠡᠵᠦ ᠰᠢᠳᠬᠡᠨ ᠲᠣᠷᠭᠠᠵᠤ᠂ | ᠮᠠᠯᠵᠢᠬᠤ ᠶᠢ ᠵᠣᠭᠰᠤᠭᠠᠬᠤ ᠡᠮᠬᠢ ᠳᠢᠭᠯᠢᠮ ᠢ ᠬᠠᠮᠠᠭᠠᠯᠠᠨ᠂ ᠲᠣᠭᠲᠠᠭᠠᠯ ᠠᠴᠠ ᠵᠥᠷᠢᠴᠡᠨ ᠮᠠᠯᠵᠢᠬᠤ ᠦᠵᠡᠭᠳᠡᠯ ᠢ | ᠪᠦᠲᠦᠮᠵᠢᠲᠡᠶ ᠬᠤᠷᠢᠭᠯᠠᠪᠠ᠃ | ᠲᠠᠷᠠᠭᠠᠴᠢ ᠶᠢᠨ ᠠᠯᠬᠤᠮ ᠳᠤ᠂ ᠡᠵᠢᠨᠠᠭᠤᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠨᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷ ᠰᠡᠷᠭᠦᠭᠡᠬᠦ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠳᠬᠠᠨ᠂ ᠪᠡᠯᠴᠢᠭᠡᠷ ᠰᠡᠷᠭᠦᠭᠡᠬᠦ ᠠᠵᠢᠯ ᠤᠨ ᠦᠷ᠎ᠡ ᠪᠦᠲᠦᠮᠵᠢ ᠪᠠᠨ | ᠪᠠᠬᠢᠵᠢᠭᠦᠯᠬᠦ ᠪᠠᠷ ᠣᠯᠠᠮ ᠨᠢᠭᠡ ᠠᠯᠬᠤᠮ ᠴᠢᠷᠮᠠᠶᠢᠨ᠎ᠠ᠃ |