ᠡᠵᠢᠨᠠᠭᠤᠷ ᠪᠠᠯᠭᠠᠰᠤᠨ ᠤ ᠪᠠᠨᠽᠠᠨ ᠬᠠᠰᠢᠶᠠᠲᠤ ᠨᠡᠶᠢᠭᠡᠮ ᠲᠣᠭᠤᠷᠢᠭ ᠨᠢ ᠵᠠᠰᠠᠭ ᠠᠵᠤ ᠠᠬᠤᠶᠢᠯᠠᠯ ᠠᠷᠠᠳ ᠬᠠᠮᠲᠤᠷᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ  ᠬᠠᠤᠯᠢ  ᠳᠦᠷᠢᠮ ᠎ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2025/6/3
      ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠤᠷᠢᠶᠠᠯᠠᠭ᠎ᠠ ᠦᠨᠳᠦᠰᠦᠨ ᠱᠠᠲᠤᠨ ᠳᠤ ᠴᠤᠤᠷᠢᠶᠠᠲᠤᠵᠤ᠂ ᠨᠡᠶᠢᠭᠡᠮ ᠲᠣᠭᠤᠷᠢᠭ ᠠᠵᠤ ᠠᠬᠤᠶᠢᠯᠠᠯ ᠬᠠᠮᠲᠤᠷᠠᠨ ᠶᠠᠪᠤᠭᠳᠠᠭᠤᠯᠤᠭᠰᠠᠨ ᠤᠬᠠᠭᠤᠯᠭ᠎ᠠ ᠶᠢᠨ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠡᠢ᠃      ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠬᠤ ᠶᠢᠨ ᠲᠥᠯᠥᠭᠡ᠂ ᠣᠷᠴᠢᠮ ᠤᠨ ᠡᠳᠦᠷ᠂ ᠪᠠᠨᠽᠠᠨ ᠬᠠᠰᠢᠶᠠᠲᠤ ᠨᠡᠶᠢᠭᠡᠮ ᠲᠣᠭᠤᠷᠢᠭ᠂ ᠡᠵᠢᠨᠠᠭᠤᠷ ᠳᠠᠪᠤᠰᠤ ᠦᠢᠯᠡᠳᠬᠦ ᠬᠢᠵᠠᠭᠠᠷᠲᠤ ᠺᠣᠮᠫᠠᠨᠢ ᠨᠢ ᠬᠠᠮᠲᠤᠷᠠᠯᠴᠠᠨ᠂ ᠠᠵᠤ ᠠᠬᠤᠶᠢᠯᠠᠯ᠂  ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠤᠨ ᠭᠡᠷ ᠲᠤ ᠣᠷᠣᠬᠤ ︽ᠭᠤᠷᠪᠠ ᠶᠢ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃      ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠠᠵᠤ ᠠᠬᠤᠶᠢᠯᠠᠯ ᠤᠨ ᠠᠵᠢᠯᠲᠠᠳ ᠢᠶᠠᠷ ᠤᠬᠠᠭᠤᠯᠭ᠎ᠠ ᠶᠢᠨ ᠠᠩᠭᠢ ᠪᠦᠷᠢᠯᠳᠦᠭᠦᠯᠵᠦ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠬᠠᠷᠢᠶ᠎ᠠ ᠣᠷᠣᠨ ᠤ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ᠂ ᠰᠠᠭᠤᠭᠠᠯᠢ ᠠᠷᠠᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ︾᠎ ᠶᠢᠨ ᠴᠢᠬᠤᠯᠠ ᠴᠢᠨᠠᠷ ᠢ ᠴᠢᠩᠭᠠᠳᠬᠠᠭᠰᠠᠨ ᠪᠠᠶᠢᠨ᠎ᠠ᠃ ᠬᠤᠳᠠᠯᠳᠤᠭᠠᠴᠢᠨ ᠡᠷᠦᠬᠡ ᠶᠢᠨ ᠳᠤ ᠬᠦᠷᠴᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠤᠳᠠᠯᠳᠤᠭᠠᠴᠢᠨ ᠡᠷᠦᠬᠡ ᠶᠢᠨ ᠡᠳᠦᠷ ᠲᠤᠲᠤᠮ ᠤᠨ ᠡᠵᠡᠩᠨᠡᠯᠲᠡ ᠶᠢᠨ ᠳᠤᠮᠳᠠ ᠠᠳᠠᠯᠢ ᠪᠤᠰᠤ ᠦᠨᠳᠦᠰᠦᠲᠡᠨ ᠤ ᠵᠠᠩ ᠳᠠᠳᠬᠠᠯ ᠪᠠ ᠰᠣᠶᠣᠯ ᠤᠨ ᠤᠯᠠᠮᠵᠢᠯᠠᠯ ᠢ ᠬᠦᠨᠳᠦᠳᠬᠡᠬᠦ ᠶᠢ ᠬᠥᠲᠥᠯᠥᠨ ᠵᠢᠯᠤᠭᠤᠳᠴᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠤᠳᠠᠯᠳᠤᠭᠠᠨ ᠤ ᠠᠵᠢᠯᠯᠠᠭ᠎ᠠ ᠶᠢᠨ ᠳᠤᠮᠳᠠᠬᠢ ᠨᠥᠬᠦᠷᠰᠡᠭ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠪᠠ᠃ ᠰᠠᠭᠤᠭᠠᠯᠢ ᠠᠷᠠᠳ ᠤᠨ ᠭᠡᠷ ᠲᠤ ᠬᠦᠷᠴᠦ᠂ ᠰᠠᠭᠤᠭᠠᠯᠢ ᠠᠷᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠦᠶᠯᠡ ᠠᠵᠢᠯᠯᠠᠭ᠎ᠠ ᠶᠢ ᠤᠬᠠᠭᠤᠯᠵᠤ᠂ ᠰᠠᠭᠤᠭᠠᠯᠢ ᠠᠷᠠᠳ ᠤᠨ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃ ᠡᠭᠦᠨ ᠤ ᠵᠡᠷᠭᠡ ᠳᠤ ᠠᠵᠤ ᠠᠬᠤᠶᠢᠯᠠᠯ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ  ᠎ ᠶᠢᠨ ᠤᠬᠠᠭᠤᠯᠭ᠎ᠠ ᠶᠢᠨ ᠵᠠᠷ ᠨᠠᠭᠠᠵᠤ᠂ ᠠᠵᠢᠯᠲᠠᠳ ᠤᠨ ᠴᠠᠭ ᠢᠮᠠᠭᠲᠠ ᠰᠤᠷᠤᠯᠴᠠᠬᠤ ᠳᠤ ᠳᠥᠭᠦᠮ ᠪᠣᠯᠭᠠᠪᠠ᠃ ᠰᠤᠷᠤᠯᠴᠠᠯᠭ᠎ᠠ ᠪᠠᠷ ᠳᠠᠮᠵᠢᠨ᠂ ᠦᠨᠳᠦᠰᠦᠲᠡᠨ ᠤ ᠲᠥᠷᠥ  ᠎ ᠶᠢᠨ ᠪᠣᠳᠣᠯᠭ᠎ᠠ  ᠎ ᠶᠢᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠤ᠂ ᠬᠤᠶᠢᠰᠢᠳᠠ ᠎ ᠶᠢᠨ ᠠᠵᠢᠯ ᠠᠮᠢᠳᠤᠷᠠᠯ ᠳᠤᠮᠳᠠ ᠪᠠᠨ ᠦᠨᠳᠦᠰᠦᠲᠡᠨ ᠤ ᠪᠦᠯᠬᠦᠮᠳᠡᠯ ᠢ ᠨᠡᠩ ᠢᠯᠡᠭᠦᠦ ᠴᠢᠬᠤᠯᠠᠴᠢᠯᠠᠬᠤ ᠪᠣᠯᠣᠨ᠎ᠠ ᠭᠡᠵᠦ ᠠᠵᠢᠯᠲᠠᠳ‌ᠢᠯᠡᠷᠬᠡᠶᠢᠯᠡᠵᠡᠢ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠠᠵᠤ ᠠᠬᠤᠶᠢᠯᠠᠯ ᠤᠨ ᠠᠵᠢᠯᠲᠠᠨ᠂ ᠬᠤᠳᠠᠯᠳᠤᠭᠠᠴᠢᠨ ᠡᠷᠦᠬᠡ ᠪᠠ ᠰᠠᠭᠤᠭᠠᠯᠢ ᠠᠷᠠᠳ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠠᠵᠢᠯᠯᠠᠭ᠎ᠠ ᠶᠢᠨ ᠳᠤᠮᠳᠠ ᠪᠠᠨ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠪᠠᠨᠽᠠᠨ ᠬᠠᠰᠢᠶᠠᠲᠤ ᠨᠡᠶᠢᠭᠡᠮ ᠲᠣᠭᠤᠷᠢᠭ ᠤᠨ ᠬᠢᠨ ᠤᠬᠠᠭᠤᠯᠭ᠎ᠠ ᠶᠢᠨ ᠬᠡᠯᠪᠡᠷᠢ ᠶᠢ ᠦᠷᠭᠦᠯᠵᠢᠯᠡᠨ ᠰᠢᠨᠡᠴᠢᠯᠡᠵᠦ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠪᠠᠶᠢᠩᠭᠤ ᠶᠢᠨ ᠴᠢᠨᠠᠷᠳᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠡᠶᠢᠭᠡᠮ ᠲᠣᠭᠤᠷᠢᠭ ᠲᠤ ᠪᠠᠳᠠᠷᠠᠭᠤᠯᠤᠨ ᠳᠡᠯᠭᠡᠷᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠥᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号