ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠵᠡᠭᠦᠨ | ᠦᠵᠦᠮᠦᠴᠢᠨ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠵᠡᠭᠦᠨ ᠦᠵᠦᠮᠦᠴᠢᠨ | ᠬᠤᠰᠢᠭᠤ《ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠂ ᠪᠠᠭ᠋ᠠᠷᠤᠮ᠎ᠠ ᠰᠠᠶᠢᠬᠠᠨ ᠰᠣᠶᠣᠯ ᠤᠨ ᠥᠪ 》 ᠪᠥᠬᠦ | ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠰᠢᠨ᠎ᠡ ᠶᠢ ᠡᠭᠦᠳᠬᠦ ᠪᠣᠯᠪᠠᠰᠤᠷᠠᠯ ᠡᠷᠬᠢᠯᠡᠭᠰᠡᠨ | ᠪᠠᠶᠢᠨ᠎ᠠ ᠃ | ᠲᠣᠰ ᠤᠳᠠᠭᠠᠨ ᠤ ᠪᠣᠯᠪᠠᠰᠤᠷᠠᠯ ᠢ ᠬᠤᠰᠢᠭᠤ ᠰᠣᠶᠣᠯ ᠤᠨ ᠣᠷᠳᠣᠨ ᠠᠴᠠ ᠭᠤᠤᠯᠯᠠᠨ ᠡᠷᠭᠢᠯᠡᠵᠦ᠂ | ᠬᠤᠰᠢᠭᠤ ᠨᠣᠮ ᠤᠨ ᠰᠠᠩ ᠪᠣᠯᠤᠨ ᠤᠯᠠᠭᠠᠨᠮᠥ᠋ᠴᠢᠷ ᠤᠨ ᠬᠢᠨ ᠬᠠᠮᠵᠢᠯᠴᠠᠨ ᠡᠷᠭᠢᠯᠡᠵᠦ᠂ ᠪᠣᠳᠠᠰ ᠤᠨ ᠪᠤᠰᠤ ᠰᠣᠶᠣᠯ | ᠤᠨ ᠥᠪ ᠤᠨ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠬᠤ ᠶᠢ ᠠᠬᠢᠭᠤᠯᠵᠤ᠂ ᠪᠥᠬᠦ ᠨᠡᠶᠢᠭᠡᠮ ᠤᠨ ᠳᠤᠮᠳᠠᠳᠤ | ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠠᠯᠠᠭᠤᠨ ᠰᠡᠳᠬᠢᠯᠭᠡ ᠶᠢ | ᠬᠥᠭᠵᠢᠭᠡᠬᠦ ᠪᠠᠷ ᠵᠣᠷᠢᠯᠭ᠎ᠠ ᠪᠠᠨ ᠪᠣᠯᠭᠠᠵᠠᠶ ᠃ | ᠪᠣᠯᠪᠠᠰᠤᠷᠠᠯ ᠤᠨ ᠠᠭᠤᠯᠭ᠎ᠠ ᠪᠠᠶᠠᠯᠢᠭ᠂ ᠢᠰᠡᠭᠡᠶ ᠬᠠᠳᠬᠤᠮᠠᠯ ᠪᠠ ᠬᠠᠳᠬᠤᠮᠠᠯ ᠭᠡᠬᠦ ᠬᠤᠶᠠᠷ ᠶᠡᠭᠡ ᠲᠥᠷᠥᠯ | ᠢ ᠪᠠᠭᠲᠠᠭᠠᠨ᠎ᠠ᠃ ᠢᠰᠡᠭᠡᠶ ᠬᠠᠳᠬᠤᠮᠠᠯ ᠤᠨ ᠪᠣᠯᠪᠠᠰᠤᠷᠠᠯ ᠤᠨ ᠠᠩᠭᠢ ᠳᠤ ᠠᠶᠢᠮᠠᠭ ᠤᠨ ᠲᠠᠰ ᠤᠨ ᠮᠣᠩᠭᠤᠯ | ᠦᠨᠳᠦᠰᠦᠲᠡᠨ ᠤ ᠢᠰᠡᠭᠡᠶ ᠬᠠᠳᠬᠤᠮᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠲᠥᠷᠥᠯ ᠵᠦᠶᠯ ᠤᠨ ᠤᠯᠠᠮᠵᠢᠯᠠᠭᠴᠢ ᠽᠠᠨᠳᠠᠨᠴᠡᠴᠡᠭ ᠪᠠᠭᠰᠢ ᠶᠢ ᠤᠷᠢᠵᠦ᠂ ᠬᠤᠰᠢᠭᠤ ᠨᠣᠮ ᠤᠨ ᠰᠠᠩ ᠳᠤ | ᠬᠢᠴᠢᠶᠡᠯ ᠡᠬᠢᠯᠡᠪᠡ᠃ ᠬᠠᠳᠬᠤᠮᠠᠯ ᠤᠨ ᠪᠣᠯᠪᠠᠰᠤᠷᠠᠯ ᠤᠨ ᠠᠩᠭᠢ ᠶᠢ ᠬᠤᠰᠢᠭᠤ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠤᠨ ᠲᠡᠷᠢᠭᠦᠨ ᠤ ᠬᠤᠪᠢ ᠬᠥᠮᠦᠨ ᠦᠷᠡᠵᠢᠮᠠ ᠪᠠᠭᠰᠢ ᠠᠴᠠ | ᠬᠢᠴᠢᠶᠡᠯ ᠣᠷᠣᠵᠤ᠂ ᠬᠤᠰᠢᠭᠤ ᠤᠯᠠᠭᠠᠨᠮᠥ᠋ᠴᠢᠷ ᠲᠤ ᠬᠢᠴᠢᠶᠡᠯᠯᠡᠭᠰᠡᠨ ᠪᠠᠶᠢᠨ᠎ᠠ ᠃ | ᠪᠣᠯᠪᠠᠰᠤᠷᠠᠯ ᠳᠤ ᠬᠠᠮᠢᠶ᠎ᠠ ᠪᠦᠬᠦᠢ ᠺᠣᠮᠫᠠᠨᠢ᠂ ᠣᠶᠣᠳᠠᠯ ᠤᠨ ᠳᠡᠯᠭᠡᠭᠦᠷ ᠤᠨ ᠡᠵᠡᠩᠨᠡᠭᠴᠢ ᠵᠢᠴᠢ ᠡᠯ᠎ᠡ ᠰᠤᠮᠤ | ᠪᠠᠯᠭᠠᠰᠤᠨ ᠤ ᠰᠣᠩᠭᠤᠨ ᠰᠤᠷᠤᠯᠴᠠᠭᠤᠯᠬᠤ ᠬᠠᠳᠬᠤᠮᠠᠯ ᠤᠨ ᠰᠠᠭᠤᠷᠢ ᠲᠠᠢ ᠬᠥᠮᠦᠰ ᠪᠠᠭᠲᠠᠨ᠎ᠠ᠃ ᠪᠣᠯᠪᠠᠰᠤᠷᠠᠯ ᠨᠢ | 5 ᠡᠳᠦᠷ ᠤᠨ ᠲᠤᠷᠰᠢ ᠬᠢᠴᠢᠶᠡᠯᠯᠡᠵᠦ᠂ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠪᠠ ᠬᠠᠳᠬᠤᠮᠠᠯ ᠤᠨ | ᠦᠶᠯᠡᠳᠦᠯᠭᠡ ᠶᠢ ᠤᠶᠠᠯᠳᠤᠭᠤᠯᠬᠤ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠮᠣᠩᠭᠤᠯ ᠦᠨᠳᠦᠰᠦᠲᠡᠨ ᠤ | ᠬᠠᠳᠬᠤᠮᠠᠯ ᠤᠨ ᠮᠡᠷᠭᠡᠵᠢᠯ ᠢ ᠭᠦᠨᠵᠡᠭᠡᠶ ᠰᠤᠷᠤᠯᠴᠠᠭᠤᠯᠤᠨ᠎ᠠ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠬᠠᠳᠬᠤᠮᠠᠯ ᠤᠨ ᠳᠤᠷ᠎ᠠ ᠪᠠᠭ᠋ᠠᠲᠠᠳ ᠲᠤ | ᠰᠤᠷᠤᠯᠴᠠᠯᠭ᠎ᠠ ᠪᠠ ᠰᠣᠯᠢᠯᠴᠠᠭ᠎ᠠ ᠶᠢᠨ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠦᠨᠳᠦᠰᠦᠲᠡᠨ | ᠨᠦᠭᠦᠳ ᠤᠨ ᠬᠤᠭᠤᠷᠣᠨᠳᠣᠬᠢ ᠰᠣᠶᠣᠯ ᠤᠨ ᠬᠠᠮᠲᠤ ᠶᠢᠨ ᠲᠠᠨᠢᠯᠲᠠ ᠪᠠ ᠬᠠᠶᠢᠷ᠎ᠠ ᠰᠡᠳᠬᠢᠯᠭᠡ ᠶᠢᠨ ᠬᠠᠷᠢᠯᠴᠠᠭ᠎ᠠ ᠶᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠮᠣᠩᠭᠤᠯ ᠦᠨᠳᠦᠰᠦᠲᠡᠨ ᠤ ᠬᠠᠳᠬᠤᠮᠠᠯ ᠤᠨ ᠪᠤᠳᠠᠰ | ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠳᠤ ᠢᠳᠡᠪᠬᠢ ᠠᠴᠢ ᠬᠤᠯᠪᠤᠭᠳᠠᠯ ᠲᠠᠢ ᠃ | |