ᠪᠦᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/5
      5 ᠰᠠᠷ᠎ᠠ ᠶᠢᠨ 26᠎ ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠎ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂《ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠎ ᠶᠢᠨ ᠭᠠᠷᠠᠭ 》 ᠪᠣᠯᠤᠨ《 ᠤᠯᠤᠰ ᠤᠨ ᠲᠤᠭ ᠢᠶᠠᠷ ᠬᠢᠯᠢ ᠶᠢᠨ ᠪᠣᠭᠤᠮᠲᠠ ᠶᠢ ᠭᠡᠶᠢᠭᠦᠯᠬᠦ 》ᠤᠬᠠᠭᠤᠯᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠠᠶᠢᠴᠠᠭᠠᠯᠲᠠ ᠶᠢ ᠤᠭᠲᠤᠬᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠪᠡᠯᠡᠳᠬᠡᠯ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠪᠠᠭᠠᠨ᠎ᠠ ᠬᠤᠷᠠᠯ ᠢ ᠡᠷᠭᠢᠯᠡᠵᠦ᠂ ᠳᠡᠳ᠋ ᠬᠤᠰᠢᠭᠤ ᠳᠠᠷᠤᠭ᠎ᠠ ᠰᠡᠴᠡᠨ ᠬᠤᠷᠠᠯ ᠳᠤ ᠣᠷᠣᠯᠴᠠᠪᠠ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠨᠢᠭᠡ ᠎ ᠠᠴᠠ ᠵᠦᠶᠴᠢᠯᠡᠨ ᠨᠥᠭᠦᠭᠡ ᠶᠢ ᠮᠡᠳᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠡᠭᠦᠷᠭᠡᠯᠡᠵᠦ᠂ ᠬᠠᠮᠵᠢᠯᠴᠠᠬᠤ ᠬᠠᠮᠲᠤᠷᠠᠭᠰᠠᠨ ᠬᠦᠴᠦᠨ ᠢ ᠴᠢᠩᠭᠠᠳᠬᠠᠵᠤ᠂ ᠪᠥᠬᠦ ᠣᠷᠣᠨ ᠪᠦᠰᠡ ᠶᠢ       ᠬᠠᠮᠤᠷᠤᠭᠰᠠᠨ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠡᠭᠦᠳᠦᠨ ᠪᠠᠶᠢᠭᠤᠯᠬᠤ ᠠᠵᠢᠯ ᠤᠨ ᠪᠠᠶᠢᠷᠢᠰᠢᠯ ᠎ ᠢ ᠬᠦᠴᠦᠯᠡᠨ ᠪᠠᠶᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ 《 ᠦᠨᠳᠦᠰᠦᠲᠡᠨ ᠤ ᠬᠠᠤᠯᠢᠵᠢᠯ ᠎ ᠤᠨ ᠤᠬᠠᠭᠤᠯᠭ᠎ᠠ ᠶᠢᠨ ᠭᠠᠷᠠᠭ 》᠂ 《 ᠤᠯᠤᠰ ᠤᠨ ᠲᠤᠭ ᠢᠶᠠᠷ ᠬᠢᠯᠢ ᠶᠢᠨ ᠪᠣᠭᠤᠮᠲᠠ ᠶᠢ  ᠭᠡᠶᠢᠭᠦᠯᠬᠦ 》 ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠭᠤᠮᠲᠠ ᠰᠢᠪᠲᠤᠯᠬᠤ ᠬᠠᠮᠲᠤᠷᠠᠭᠰᠠᠨ ᠬᠦᠴᠦᠨ ᠢ ᠨᠢᠭᠲᠠᠷᠠᠭᠤᠯᠵᠤ᠂ ᠤᠬᠠᠭᠤᠯᠵᠤ ᠬᠦᠳᠦᠯᠥᠨ ᠵᠢᠯᠣᠭᠤᠳᠬᠤ᠂ ᠴᠡᠭ ᠲᠣᠭᠲᠠᠭᠠᠵᠤ ᠦᠷᠦᠬᠦ ᠵᠡᠷᠭᠡ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ ᠨᠢᠮᠪᠠᠢ ᠠᠬᠢᠭᠤᠯᠵᠤ᠂ ᠬᠠᠮᠤᠭ ᠤᠨ ᠰᠢᠯᠢᠳᠡᠭ ᠪᠠᠶᠢᠳᠠᠯ᠂ ᠬᠠᠮᠤᠭ ᠤᠨ ᠪᠣᠳᠠᠲᠠᠢ ᠦᠷ᠎ᠡ ᠪᠦᠲᠦᠮᠵᠢ ᠪᠠᠷ ᠰᠢᠯᠭᠠᠨ ᠪᠠᠶᠢᠴᠠᠭᠠᠯᠲᠠ ᠶᠢ ᠤᠭᠲᠤᠬᠤ ᠶᠢ ᠦᠨᠡᠨ ᠬᠦ ᠪᠠᠲᠤᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠬᠠᠷᠠᠯᠲᠠ ᠳᠤ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号