5 ᠰᠠᠷ᠎ᠠ ᠶᠢᠨ 8 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠬᠠᠳᠠᠪᠴᠢ | ᠪᠠᠯᠭᠠᠰᠤᠨ ᠳᠤ ᠬᠠᠮᠲᠤᠷᠠᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ | ᠰᠢᠷᠢᠰ ᠠᠵᠢᠯᠯᠠᠭ᠎ᠠ ᠥᠷᠨᠢᠭᠦᠯᠵᠦ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠳᠠᠪᠰᠢᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ | ᠠᠬᠢᠭᠤᠯᠤᠶ᠎ᠠ︾ ᠪᠠᠷ ᠭᠤᠤᠯ ᠰᠡᠳᠦᠪ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | ᠠᠵᠢᠯᠯᠠᠭ᠎ᠠ ᠨᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ︽ᠠᠨᠠᠷ ᠤᠨ ᠦᠷ᠎ᠡ︾ ᠭᠤᠤᠯ ᠰᠡᠳᠦᠪᠲᠦ ᠬᠠᠷᠢᠯᠴᠠᠭᠠᠨ ᠤ ᠥᠷᠲᠡᠭᠡ᠂ ᠬᠠᠲᠠᠪᠴᠢ ᠨᠡᠶᠢᠭᠡᠮ | ᠲᠣᠭᠤᠷᠢᠭ᠂ ᠵᠡᠭᠦᠨ ᠬᠠᠲᠠᠪᠴᠢ ᠬᠢᠯᠢ ᠶᠢᠨ ᠪᠣᠭᠤᠮᠲᠠ᠂ ᠬᠢᠯᠢ ᠶᠢᠨ ᠬᠥᠰᠢᠶ᠎ᠡ ᠵᠡᠷᠭᠡ ᠣᠯᠠᠨ ᠭᠠᠵᠠᠷ ᠢ ᠬᠠᠮᠤᠷᠴᠤ᠂ | ᠳᠥᠷᠪᠡᠨ ᠶᠡᠭᠡ ᠬᠡᠰᠡᠭ ᠰᠤᠷᠭᠠᠨ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠪᠡ᠄ | ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠭᠤᠭᠴᠤᠭ᠎ᠠ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ | ᠪᠠ ᠤᠯᠤᠰ ᠤᠨ ᠲᠤᠭ ᠢ ᠮᠠᠨᠳᠤᠭᠤᠯᠬᠤ ᠬᠠᠤᠯᠢ ᠶᠢ ᠤᠬᠠᠭᠤᠯᠤᠨ ᠳᠠᠶᠢᠯᠪᠤᠷᠢᠯᠠᠵᠦ᠂ ᠲᠥᠪ ᠴᠢᠩᠭ᠎ᠠ ᠶᠣᠰᠣᠯᠠᠯ ᠢᠶᠠᠷ | ᠤᠯᠤᠰ ᠢᠶᠠᠨ ᠬᠠᠶᠢᠷᠠᠯᠠᠬᠤ ᠮᠡᠳᠡᠷᠡᠮᠵᠢ ᠶᠢ ᠴᠢᠩᠭᠠᠳᠬᠠᠪᠠ︔ ︽ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ ᠶᠢᠨ ᠤᠬᠠᠭᠤᠯᠤᠨ ᠳᠠᠶᠢᠯᠪᠤᠷᠢᠯᠠᠯᠳᠠ︾ ᠨᠢ ︽ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ︾ ᠶᠢ | ᠬᠦᠨᠵᠡᠭᠡᠶᠢᠷᠡᠪᠡ︔ ︽ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ | ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠳᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠠᠴᠠ ᠲᠥᠯᠥᠭᠡᠯᠡᠭᠴᠢ ᠶᠢᠨ ᠦᠢᠯᠡᠳᠦᠯ ᠢᠶᠠᠨ ᠬᠡᠷᠬᠢᠨ ᠪᠠᠳᠠᠷᠠᠭᠤᠯᠵᠤ᠂ | ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯ ᠢ ᠬᠡᠷᠬᠢᠨ ᠠᠬᠢᠭᠤᠯᠬᠤ ᠲᠤᠬᠠᠶ ᠲᠠᠶᠢᠯᠤᠮᠵᠢ ᠬᠢᠪᠡ᠃ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠳᠡᠨᠢᠳᠠᠯᠠᠢ ᠬᠢᠯᠢ ᠶᠢᠨ ᠬᠠᠮᠠᠭᠠᠯᠠᠭᠴᠢ᠂ | ᠬᠥᠳᠡᠯᠮᠦᠷᠢ ᠶᠢᠨ ᠵᠢᠱᠢᠶᠡᠴᠢ ᠵᠡᠷᠭᠡ ᠣᠯᠠᠨ ᠲᠠᠯ᠎ᠠ ᠶᠢᠨ ᠪᠡᠶ᠎ᠡ ᠭᠠᠷᠤᠯ ᠲᠠᠢ ᠤᠶᠠᠯᠳᠤᠭᠤᠯᠤᠨ᠂ ᠬᠤᠷᠠᠯ ᠳᠤ | ᠣᠷᠣᠯᠴᠠᠭᠰᠠᠨ ᠲᠥᠷᠥᠭᠳᠡᠯ ᠪᠠ ᠬᠢᠯᠢ ᠶᠢᠨ ᠬᠠᠮᠠᠭᠠᠯᠠᠯᠲᠠ ᠶᠢᠨ ᠥᠯᠢᠭᠡᠷ ᠢ ᠬᠤᠪᠢᠶᠠᠯᠴᠠᠵᠤ᠂ ᠲᠥᠯᠥᠭᠡᠯᠡᠭᠴᠢᠳ ᠤᠨ | ᠡᠭᠦᠷᠭᠡ ᠲᠤᠰᠢᠶᠠᠯ ᠢᠶᠠᠨ ᠬᠦᠢᠴᠡᠳᠭᠡᠬᠦ ᠠᠮᠢᠵᠢᠷᠠᠯ ᠤᠨ ᠬᠦᠴᠦᠨ ᠢ ᠬᠥᠭᠵᠢᠭᠡᠪᠡ︔ ︽ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠦᠢᠯᠡᠳᠦᠯᠭᠡ︾ ᠨᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠵᠢᠯᠣᠭᠤᠴᠢ ᠥᠬᠡᠶ | ᠨᠢᠰᠬᠡᠯ ᠤᠨ ᠰᠠᠭᠤᠷᠢᠨ ᠭᠠᠵᠠᠷ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠳᠦᠭᠡᠷ ᠹᠷᠣᠨᠲ ᠲᠤ ᠬᠦᠷᠴᠦ᠂ | ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ᠂ ᠬᠢᠯᠢ ᠶᠢᠨ ᠬᠥᠰᠢᠶ᠎ᠡ ᠶᠢ ᠵᠢᠷᠤᠭᠯᠠᠬᠤ ᠵᠡᠷᠭᠡ ᠲᠠᠯ᠎ᠠ ᠪᠠᠷ ᠪᠡᠶᠡᠴᠢᠯᠡᠨ | ᠣᠶᠢᠯᠠᠭᠠᠵᠤ᠂ ᠬᠢᠯᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠪᠠ᠃ | ᠠᠵᠢᠯᠯᠠᠭ᠎ᠠ ᠨᠢ ᠪᠠᠰᠠ ᠮᠣᠷᠢᠲᠤ ᠴᠡᠷᠢᠭ ᠤᠨ ᠠᠩᠭᠢ ᠶᠢᠨ ᠲᠣᠭᠤᠷᠢᠨ ᠰᠤᠷᠤᠯᠴᠠᠯᠭ᠎ᠠ᠂ ᠤᠷᠠᠨ ᠰᠠᠶᠢᠬᠠᠨ ᠤ | ᠲᠣᠭᠯᠠᠯᠲᠠ ᠵᠢᠴᠢ ᠵᠠᠯᠠᠭᠤᠴᠤᠳ ᠪᠠᠭᠠᠴᠤᠳ ᠤᠨ ᠮᠣᠷᠢ ᠤᠨᠤᠬᠤ ᠶᠢ ᠪᠡᠶᠡᠴᠢᠯᠡᠨ ᠣᠶᠢᠯᠠᠭᠠᠬᠤ ᠵᠡᠷᠭᠡ | ᠣᠨᠴᠠᠯᠢᠭ ᠲᠠᠢ ᠭᠤᠭᠴᠤᠭ᠎ᠠ ᠳᠤ ᠠᠭᠤᠰᠤᠯᠴᠠᠭᠤᠯᠵᠤ᠂ ᠤᠯᠠᠮᠵᠢᠯᠠᠯᠲᠤ ᠬᠢᠯᠢ ᠬᠢᠵᠠᠭᠠᠷ ᠢ ᠬᠠᠮᠠᠭᠠᠯᠠᠬᠤ ᠰᠣᠶᠣᠯ ᠢ | ᠤᠳᠤ ᠦᠶ᠎ᠡ ᠶᠢᠨ ᠵᠠᠰᠠᠯᠲᠠ ᠶᠢᠨ ᠡᠯᠧᠮᠧᠨ᠋ᠲ ᠲᠠᠢ ᠣᠷᠭᠠᠨᠢᠭ ᠢᠶᠠᠷ ᠤᠶᠠᠯᠳᠤᠭᠤᠯᠪᠠ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ᠂ ᠬᠤᠰᠢᠭᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠨᠢᠭᠡᠳᠦᠮᠡᠯ ᠹᠷᠣᠨᠲ ᠤᠨ ᠭᠡᠰᠢᠭᠦᠨ᠂ ᠡᠯ᠎ᠡ ᠬᠦᠷᠢᠶ᠎ᠡ | ᠴᠠᠷᠠᠭᠠᠨ ᠤ ᠲᠥᠯᠥᠭᠡᠯᠡᠭᠴᠢ ᠵᠡᠷᠭᠡ ᠨᠡᠶᠢᠲᠡ 60 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ | ᠣᠷᠣᠯᠴᠠᠵᠠᠶ᠃ ︽ᠣᠨᠣᠯ ᠶᠢᠨ ᠰᠤᠷᠤᠯᠴᠠᠯᠭ᠎ᠠ + ᠦᠢᠯᠡᠳᠦᠯᠭᠡ ᠶᠢᠨ ᠪᠡᠶᠡᠴᠢᠯᠠᠨ ᠤᠶᠢᠯᠠᠭᠠᠯᠳᠠ + ᠰᠣᠶᠣᠯ ᠤᠨ | ᠰᠤᠯᠢᠯᠴᠠᠭ᠎ᠠ︾ ᠶᠢᠨ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠠᠭ | ᠦᠶ᠎ᠡ ᠶᠢᠨ ᠠᠭᠤᠯᠤᠭᠳᠠᠬᠤᠨ ᠢ ᠪᠥᠬᠦ ᠲᠠᠯ᠎ᠠ ᠪᠠᠷ ᠦᠢᠯᠡᠳᠦᠯᠭᠡᠵᠢᠬᠦᠯᠦᠭᠰᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠢᠯᠢ ᠬᠢᠵᠠᠭᠠᠷ ᠣᠷᠣᠨ ᠢ ᠰᠠᠬᠢᠨ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠭᠰᠡᠨ ᠮᠥᠷᠲᠡᠭᠡᠨ ᠪᠠᠰᠠ ᠡᠯ᠎ᠡ ᠬᠦᠷᠢᠶ᠎ᠡ ᠴᠠᠷᠠᠭᠠᠨ ᠤ ᠰᠤᠯᠢᠯᠴᠠᠭᠠᠨ ᠤ | ᠲᠠᠪᠴᠠᠩ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠵᠡᠭᠦᠨ | ᠦᠵᠦᠮᠦᠴᠢᠨ ᠬᠤᠰᠢᠭᠤᠨ ᠤ ᠦᠢᠯᠡᠳᠦᠯᠭᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ |