ᠭᠠᠴᠠᠭᠠᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠭᠠᠴᠠᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠡᠮᠬᠢ ᠳᠢᠭᠯᠢᠮ ᠢ | ᠵᠢᠷᠤᠮᠵᠢᠭᠤᠯᠤᠨ᠂ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠭᠠᠴᠠᠭᠠᠨ ᠤ ᠬᠠᠮᠲᠤ ᠶᠢᠨ | ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠬᠠᠳᠠᠪᠴᠢ ᠪᠠᠯᠭᠠᠰᠤ ᠨᠢ ᠢᠳᠡᠪᠬᠢᠲᠡᠢ | ᠬᠥᠳᠡᠯᠦᠯᠴᠡᠵᠦ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠨᠠᠷᠢᠯᠢᠭ ᠣᠨᠣᠴᠠᠲᠠᠢ ᠪᠠᠷ ᠲᠤᠳᠤᠯᠠᠨ | ᠪᠠᠶᠢᠴᠠᠭᠠᠬᠤ ᠠᠵᠢᠯ ᠤᠨ ᠲᠥᠰᠥᠯ ᠢ ᠲᠣᠭᠲᠠᠭᠠᠵᠤ᠂ ᠤᠳᠤᠷᠢᠳᠬᠤ ᠳᠤᠭᠤᠶᠢᠯᠠᠩ ᠪᠠ ᠭᠠᠴᠠᠭᠠᠨ ᠤ ᠲᠤᠳᠤᠯᠠᠨ | ᠪᠠᠶᠢᠴᠠᠭᠠᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠡᠯ᠎ᠡ ᠭᠠᠴᠠᠭᠠᠨ ᠳᠤ ᠭᠦᠨᠵᠡᠭᠡᠶᠢᠷᠡᠨ 2025 ᠣᠨ ᠤ | ᠮᠠᠯᠵᠢᠬᠤ ᠣᠷᠣᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠨᠠᠷᠢᠯᠢᠭ ᠣᠨᠣᠴᠠᠲᠠᠢ ᠪᠠᠷ | ᠲᠤᠳᠤᠯᠠᠨ ᠪᠠᠶᠢᠴᠠᠭᠠᠬᠤ ᠠᠵᠢᠯ ᠢ ᠥᠷᠨᠢᠭᠦᠯᠪᠡ᠃ | ᠠᠵᠢᠯᠯᠠᠬᠤ ᠳᠤᠭᠤᠶᠢᠯᠠᠩ ᠨᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠨᠢᠭᠡᠳ ᠨᠢᠭᠡ ᠪᠠᠷ | ᠬᠠᠷᠭᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠴᠠᠭᠠᠨ ᠤ ᠬᠠᠮᠲᠤ ᠶᠢᠨ ᠪᠠᠯᠠ ᠮᠥᠩᠭᠦ ᠶᠢᠨ ᠲᠠᠩᠰᠠ᠂ ᠡᠳ᠋ | ᠬᠥᠷᠥᠩᠭᠡ ᠶᠢᠨ ᠡᠬᠡ ᠲᠠᠩᠰᠠ᠂ ᠡᠬᠢ ᠪᠠᠶᠠᠯᠢᠭ ᠤᠨ ᠭᠡᠷ᠎ᠡ᠂ ᠲᠣᠭᠲᠠᠮᠠᠯ ᠡᠳ᠋ ᠬᠥᠷᠥᠩᠭᠡ ᠵᠡᠷᠭᠡ ᠶᠢ ᠪᠥᠬᠦ ᠲᠠᠯ᠎ᠠ ᠪᠠᠷ | ᠡᠮᠬᠢᠯᠡᠨ ᠪᠠᠶᠢᠴᠠᠭᠠᠵᠤ᠂ ᠬᠠᠷᠢᠶᠠᠲᠤ ᠣᠷᠣᠨ ᠤ 5 ᠭᠠᠴᠠᠭᠠᠨ ᠤ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ᠂ | ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ ᠬᠠᠷᠭᠤᠭᠤᠯᠤᠨ ᠪᠠᠶᠢᠴᠠᠭᠠᠬᠤ ᠠᠵᠢᠯ ᠢ ᠠᠩᠬ᠎ᠠ ᠠᠯᠬᠤᠮ ᠪᠡᠶᠡᠯᠡᠭᠦᠯᠪᠡ᠃ | ᠲᠣᠰ ᠤᠳᠠᠭᠠᠨ ᠤ ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠬᠦᠷᠦᠩᠭᠡ︾ ᠶᠢ ᠲᠤᠳᠤᠯᠠᠨ ᠪᠠᠶᠢᠴᠠᠭᠠᠬᠤ | ᠠᠵᠢᠯ ᠢᠶᠠᠷ ᠳᠠᠮᠵᠢᠭᠤᠯᠤᠨ᠂ ᠪᠥᠬᠦ ᠪᠠᠯᠭᠠᠰᠤᠨ ᠤ ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠬᠦᠷᠦᠩᠭᠡ︾ ᠶᠢᠨ | ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ︽ᠭᠤᠷᠪᠠᠨ ᠬᠦᠷᠦᠩᠭᠡ︾ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠣ ᠨᠢ ︽ᠭᠤᠷᠪᠠᠨ | ᠬᠦᠷᠦᠩᠭᠡ︾ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠤᠳᠤᠯᠠᠨ ᠪᠠᠶᠢᠴᠠᠭᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ | ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ | ᠪᠠᠲᠤᠯᠠᠵᠤ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ |