5 ᠳ᠋ᠤᠭᠠᠷ ᠰᠠᠷ᠎ᠠ ᠶᠢᠨ 19 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠠᠩ ᠱᠧᠩ ᠨᠡᠷ ᠰᠠᠮᠠᠢ ᠰᠤᠮᠤᠨ ᠳᠤ ᠭᠦᠨᠵᠡᠭᠡᠶᠢᠷᠡᠨ | ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠵᠠᠰᠠᠭ ᠤᠨ ᠣᠷᠳᠣᠨ ᠤ ᠳᠡᠳ᠋ | ᠬᠤᠰᠢᠭᠤ ᠳᠠᠷᠤᠭ᠎ᠠ ᠰᠡᠴᠡᠨ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠰᠤᠮᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰᠣᠨᠪᠤᠯᠠᠭ ᠭᠠᠴᠠᠭᠠᠨ ᠤ ᠮᠠᠯᠴᠢᠨ ᠪᠠᠶᠠᠨᠳᠦ᠋ᠭᠦᠷᠡᠩ ᠤᠨ | ᠳᠤ ᠭᠦᠨᠵᠡᠭᠡᠶᠢᠷᠡᠨ᠂ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠮᠠᠯ ᠠᠵᠤ ᠠᠬᠤᠶ ᠶᠢᠨ ᠦᠶᠯᠡᠳᠪᠦᠷᠢᠯᠡᠯ ᠤᠨ | ᠪᠠᠶᠢᠳᠠᠯ ᠢ ᠨᠠᠷᠢᠨ ᠣᠶᠢᠯᠠᠭᠠᠵᠤ᠂ ᠣᠳᠣᠬᠠᠨ ᠤ ᠮᠠᠯ ᠠᠵᠤ ᠠᠬᠤᠶ ᠶᠢᠨ ᠬᠥᠭᠵᠢᠯᠲᠡ ᠵᠢᠴᠢ ᠡᠯ᠎ᠡ ᠵᠦᠶᠯ ᠤᠨ | ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠬᠤᠯᠪᠣᠭᠳᠠᠯ ᠪᠥᠬᠦᠶ ᠵᠢᠯᠣᠭᠤᠳᠬᠤ ᠰᠠᠨᠠᠯ ᠥᠭᠪᠡ᠃ | ᠲᠣᠰᠣᠨᠪᠤᠯᠠᠭ ᠭᠠᠴᠠᠭᠠᠨ ᠤ ᠮᠠᠯᠴᠢᠨ ᠪᠣᠤ ᠵᠢᠶᠦ᠋ᠨ ᠤ ᠳᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ᠂ ᠲᠡᠵᠢᠭᠡᠨ ᠠᠷᠠᠴᠢᠯᠠᠬᠤ ᠬᠠᠮᠢᠶᠠᠷᠤᠯᠲᠠ᠂ ᠠᠵᠤ ᠠᠬᠤᠶ ᠶᠢᠨ ᠦᠷ᠎ᠡ ᠠᠰᠢᠭ᠂ ᠬᠢᠵᠢᠭ ᠡᠪᠡᠳᠴᠢᠨ | ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠠᠴᠠ ᠰᠢᠮᠧᠨ᠋ᠲ᠋ᠠᠷ ᠦᠬᠡᠷ ᠤᠨ ᠠᠶᠢᠮᠠᠭ ᠤᠨ ᠲᠠᠰ ᠤᠨ ᠭᠤᠤᠯᠯᠠᠭᠴᠢ | ᠰᠦᠷᠦᠭ ᠢ ᠪᠣᠶᠢᠵᠢᠭᠤᠯᠵᠤ ᠪᠠᠶᠢᠭ᠎ᠠ ᠪᠠᠶᠢᠳᠠᠯ ᠢ ᠠᠰᠠᠭᠤᠨ ᠯᠠᠪᠯᠠᠵᠤ᠂ ᠡᠭᠦᠨ ᠤ ᠬᠠᠮᠲᠤ ᠲᠣᠰ ᠭᠠᠵᠠᠷ ᠣᠷᠣᠨ ᠤ | ᠣᠨᠴᠠᠯᠢᠭ᠂ ᠵᠢᠭᠤᠯᠴᠢᠯᠠᠯ ᠤᠨ ᠡᠬᠢ ᠪᠠᠶᠠᠯᠢᠭ ᠵᠢᠴᠢ ᠮᠠᠯᠴᠢᠨ ᠠᠶᠢᠯ ᠢ ᠪᠣᠶᠢᠵᠢᠭᠤᠯᠤᠨ ᠴᠣᠭᠴᠠᠯᠠᠬᠤ ᠵᠡᠷᠭᠡ ᠲᠠᠯ᠎ᠠ | ᠪᠠᠷ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠵᠠᠩ ᠦᠶᠯᠡ ᠰᠣᠶᠣᠯ ᠤᠨ ᠣᠶᠢᠯᠠᠭᠠᠯᠲᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠣᠳᠣᠨ ᠵᠢᠭᠤᠯᠴᠢᠯᠠᠯ ᠤᠨ ᠱᠤᠭᠤᠮ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠭ ᠨᠣᠪᠰᠢ ᠶᠢ ᠰᠢᠲᠠᠭᠠᠵᠤ | ᠰᠢᠶᠳᠪᠦᠷᠢᠯᠡᠬᠦ ᠥᠷᠲᠡᠭᠡ ᠵᠢᠴᠢ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠰᠤᠮᠤᠨ ᠤ | ᠦᠨᠳᠦᠰᠦᠨ ᠪᠠᠶᠢᠳᠠᠯ᠂ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠠᠷᠠᠭᠠᠴᠢ ᠶᠢᠨ | ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠶᠢ ᠨᠠᠷᠢᠨ ᠣᠶᠢᠯᠠᠭᠠᠪᠠ᠃ | ᠴᠠᠩ ᠱᠧᠩ ᠠᠴᠠ᠂ ᠨᠢᠭᠡ ᠳᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ | ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ᠂ ᠦᠶᠯᠡᠳᠪᠦᠷᠢᠯᠡᠯ᠂ ᠠᠮᠢᠳᠤᠷᠠᠯ ᠤᠨ ᠵᠣᠬᠢᠴᠠᠩᠭᠤᠶ ᠬᠥᠭᠵᠢᠯᠲᠡ | ᠶᠢ ᠨᠢᠭᠡᠳᠦᠯᠲᠡᠶ ᠲᠥᠯᠥᠪᠵᠢᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠨᠤᠲᠤᠭ ᠪᠡᠯᠴᠢᠭᠡᠷ ᠤᠨ ᠠᠮᠢ ᠠᠬᠤᠶ | ᠶᠢᠨ ᠬᠠᠮᠠᠭᠠᠯᠠᠯᠲᠠ ᠶᠢᠨ ᠠᠵᠢᠯ ᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ | ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠮᠠᠯ ᠰᠦᠷᠦᠭ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠮᠠᠯ ᠤᠨ ᠭᠠᠷᠭᠠᠯᠲᠠ ᠶᠢ ᠵᠣᠬᠢᠰᠲᠠᠶ ᠲᠣᠬᠢᠷᠠᠭᠤᠯᠵᠤ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ | ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠯᠬᠤᠮ | ᠠᠯᠬᠤᠮ ᠢᠶᠠᠷ ᠠᠬᠢᠭᠤᠯᠬᠤ ᠬᠡᠷᠡᠭᠲᠡᠶ᠃ ᠭᠤᠷᠪᠠ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠳᠡᠭᠡᠷ᠎ᠡ ᠢᠯᠡᠷᠡᠭᠦᠯᠵᠦ᠂ | ᠤᠯᠠᠨ ᠲᠦᠮᠡᠨ ᠤ ᠰᠠᠨᠠᠯ ᠢ ᠦᠨᠡᠨ ᠰᠡᠳᠬᠢᠯ ᠠᠴᠠ ᠪᠠᠨ ᠰᠣᠨᠣᠰᠴᠤ᠂ ᠤᠯᠠᠨ ᠲᠦᠮᠡᠨ ᠤ ᠪᠠᠴᠢᠮ ᠲᠤᠯᠭᠠᠮ᠎ᠠ᠂ | ᠬᠦᠴᠢᠷ ᠵᠣᠪᠠᠭᠤᠷᠢ᠂ ᠬᠦᠰᠡᠯ ᠡᠷᠡᠮᠡᠯᠵᠡᠯ ᠤᠨ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠬᠦ | ᠬᠡᠷᠡᠭᠲᠡᠢ᠃ ᠲᠦᠷᠪᠡ ᠳᠤ᠂《ᠲᠣᠰᠬᠤᠨ ᠤ ᠳᠦᠷᠰᠦ ᠪᠠᠶᠢᠳᠠᠯ》 ᠢ ᠴᠡᠭᠴᠡᠯᠡᠨ ᠵᠠᠰᠠᠬᠤ᠂ ᠤᠯᠠᠨ ᠨᠡᠶᠢᠲᠡ ᠶᠢᠨ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ | ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠤᠨ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠬᠡᠷᠡᠭᠲᠡᠢ᠃ |