ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠡᠷᠡᠭᠦᠯ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠤ ᠣᠷᠣᠨ ᠪᠦᠰᠡ | ᠠᠯᠤᠰᠯᠠᠨ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠰᠠᠮᠠᠢ ᠰᠤᠮᠤ ᠨᠢ ᠭᠠᠳᠠᠨ᠎ᠠ ᠠᠴᠠ ᠢᠷᠡᠭᠰᠡᠨ ᠮᠠᠯ ᠤᠨᠤᠭ᠎ᠠ | ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂《ᠭᠤᠷᠪᠠᠨ ᠬᠦᠴᠦᠨ ᠢ | ᠨᠢᠭᠡᠳᠬᠡᠬᠦ 》ᠣᠶᠤᠨᠴᠢ ᠲᠤᠤᠷᠴᠢᠯᠠᠭᠰᠠᠨ ᠠᠵᠢᠯ ᠤᠨ ᠵᠠᠭᠪᠤᠷ ᠢ ᠠᠰᠢᠭᠯᠠᠨ᠂ ᠣᠶᠢᠷ᠎ᠠ ᠶᠢᠨ ᠬᠤᠭᠤᠴᠠᠭᠠᠨ ᠤ | ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠢᠨᠠᠨ ᠬᠠᠮᠢᠶᠠᠷᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠪᠠ ᠃ | | ᠨᠢᠭᠡ ᠂《 ᠴᠢᠩᠭ᠎ᠠ 》 ᠶᠢ ᠲᠡᠷᠢᠭᠦᠨ ᠳᠤ ᠲᠠᠯᠪᠢᠵᠤ᠂ ᠡᠬᠢ ᠡᠭᠦᠰᠦᠯ ᠤᠨ ᠬᠠᠮᠢᠶᠠᠷᠤᠯᠲᠠ ᠶᠢᠨ ᠰᠠᠭᠤᠷᠢ | ᠶᠢ ᠪᠠᠲᠤᠳᠬᠠᠪᠠ | 《ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠨ᠎ᠠ | ᠠᠴᠠ ᠢᠷᠡᠭᠰᠡᠨ ᠮᠠᠯ ᠤᠨᠤᠭ᠎ᠠ ᠪᠠ ᠭᠠᠳᠠᠭᠰᠢ ᠤᠲᠤᠷᠯᠠᠭᠠᠳ ᠨᠤᠲᠤᠭ ᠲᠠᠭᠠᠨ ᠪᠤᠴᠠᠭᠠᠵᠤ ᠠᠪᠴᠢᠷᠠᠭᠰᠠᠨ ᠮᠠᠯ | ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠠᠯᠪᠠᠨ ᠵᠠᠷᠯᠠᠯ 》 ᠢ ᠴᠠᠭ ᠲᠤᠬᠠᠢ ᠳᠤᠨᠢ | ᠨᠡᠶᠢᠲᠡᠯᠡᠵᠦ᠂ ᠲᠡᠵᠢᠭᠡᠨ ᠦᠷᠡᠵᠢᠭᠦᠯᠬᠦ ᠡᠷᠦᠬᠡ ᠦᠢᠯᠡᠳᠪᠦᠷᠢᠯᠡᠯ ᠤᠨ ᠬᠡᠷᠡᠭᠴᠡᠭᠡ ᠠᠴᠠ ᠪᠤᠯᠵᠤ ᠂ ᠥᠪᠡᠷ ᠢᠶᠠᠨ | ᠭᠠᠳᠠᠨ᠎ᠠ ᠶᠢᠨ ᠮᠠᠯ ᠤᠨᠤᠭ᠎ᠠ ᠶᠢ ᠬᠤᠳᠠᠯᠳᠤᠨ ᠠᠪᠤᠭᠰᠠᠨ ᠪᠤᠶᠤ ᠭᠠᠳᠠᠭᠰᠢ ᠤᠲᠤᠷᠯᠠᠭᠠᠳ ᠨᠤᠲᠤᠭ ᠲᠠᠭᠠᠨ | ᠪᠤᠴᠠᠭᠠᠵᠤ ᠠᠪᠴᠢᠷᠠᠭᠰᠠᠨ ᠮᠠᠯ ᠤᠨᠤᠭ᠎ᠠ ᠶᠢ 3 ᠠᠵᠢᠯ ᠤᠨ ᠡᠳᠦᠷ ᠤᠷᠢᠳᠴᠢᠯᠠᠨ ᠰᠤᠮᠤᠨ ᠤ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠲᠦᠭᠡᠮᠡᠯᠵᠢᠭᠦᠯᠬᠦ ᠦᠢᠯᠡᠴᠢᠯᠡᠭᠡᠨ ᠤ ᠲᠥᠪ ᠪᠤᠶᠤ ᠬᠠᠷᠢᠶ᠎ᠠ ᠭᠠᠴᠠᠭᠠᠨ ᠳᠤ ᠪᠠᠨ | ᠭᠤᠶᠤᠴᠢᠯᠠᠯ ᠳᠡᠪᠰᠢᠭᠦᠯᠵᠦ᠂ ᠭᠠᠴᠠᠭ᠎ᠠ ( ᠨᠡᠶᠢᠭᠡᠮ ᠲᠣᠭᠤᠷᠢᠭ ) ᠳᠠᠷᠤᠢ ᠳᠤᠨᠢ ᠰᠤᠮᠤᠨ ᠳᠤ ᠳᠠᠩᠰᠠᠯᠠᠭᠤᠯᠵᠤ᠂ | ᠲᠡᠵᠢᠭᠡᠨ ᠦᠷᠡᠵᠢᠭᠦᠯᠬᠦ ᠡᠷᠦᠬᠡ ᠶᠢᠨ ᠦᠨᠳᠦᠰᠦᠨ ᠮᠡᠳᠡᠭᠡ ᠵᠠᠩᠭᠢ᠂ ᠭᠠᠳᠠᠭᠰᠢ ᠭᠠᠷᠤᠭᠰᠠᠨ ᠭᠠᠵᠠᠷ᠂ ᠮᠠᠯ ᠤᠨ | ᠲᠤᠭ᠎ᠠ ᠲᠣᠯᠣᠭᠠᠢ ᠵᠡᠷᠭᠡ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ ᠳᠠᠩᠰᠠᠯᠠᠨ ᠲᠡᠮᠳᠡᠭᠯᠡᠵᠦ᠂ ᠱᠠᠲᠤ | ᠳᠠᠷᠠᠭᠠᠯᠠᠨ ᠨᠤᠲᠠᠯᠠᠵᠤ᠂ ᠮᠡᠳᠡᠭᠡ ᠵᠠᠩᠭᠢ ᠶᠢᠨ ᠦᠨᠡᠨ ᠪᠣᠳᠠᠲᠠᠢ ᠪᠥᠭᠡᠳ ᠠᠯᠳᠠᠭ᠎ᠠ ᠪᠤᠷᠤᠭᠤ ᠦᠭᠡᠢ ᠪᠠᠶᠢᠬᠤ ᠶᠢ | ᠪᠠᠲᠤᠯᠠᠪᠠ᠃ | ᠬᠤᠶᠠᠷ ᠂《 ᠪᠣᠳᠠᠲᠠᠶ 》ᠳᠡᠭᠡᠷ᠎ᠡ ᠦᠷ᠎ᠡ ᠪᠦᠲᠦᠮᠵᠢ ᠣᠯᠵᠤ᠂ ᠤᠶᠢᠯᠠᠭᠠᠨ ᠵᠢᠭᠰᠠᠭᠠᠬᠤ | ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ᠎ᠡ | ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠠᠳᠠᠨ᠎ᠠ ᠠᠴᠠ ᠢᠷᠡᠭᠰᠡᠨ ᠮᠠᠯ ᠢ ᠬᠠᠮᠢᠶᠠᠷᠤᠨ | ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠸᠢᠴᠠᠲ ᠬᠤᠷᠠᠯ ᠬᠤᠷᠠᠯᠳᠤᠭᠤᠯᠵᠤ᠂ ᠭᠠᠳᠠᠨ᠎ᠠ ᠠᠴᠠ | ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠭᠠᠴᠠᠭᠠᠨ ᠤ《 ᠬᠤᠶᠠᠷ | ᠵᠥᠪᠯᠡᠯ 》 ᠢ ᠳᠠᠶᠢᠴᠢᠯᠠᠨ 2024 ᠣᠨ ᠤ ᠳᠠᠩᠰᠠᠯᠠᠭᠤᠯᠤᠭᠠᠳ ᠭᠠᠳᠠᠭᠰᠢ ᠭᠠᠷᠤᠭᠰᠠᠨ ᠮᠠᠯ ᠢ ᠪᠦᠬᠦᠨ ᠢ | ᠪᠠᠶᠢᠴᠠᠭᠠᠨ ᠳᠣᠲᠣᠯᠠᠵᠤ᠂ ᠪᠣᠳᠠᠲᠠᠶ ᠪᠠᠶᠢᠭ᠎ᠠ ᠲᠤᠭ᠎ᠠ ᠪᠠᠷᠢᠮᠲᠠ ᠬᠢᠭᠡᠳ ᠳᠠᠩᠰᠠᠯᠠᠭᠤᠯᠤᠭᠰᠠᠨ ᠮᠡᠳᠡᠭᠡ ᠵᠠᠩᠭᠢ ᠶᠢ | ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠨᠠᠷᠢᠯᠢᠭ ᠣᠨᠣᠪᠴᠢᠲᠠᠶ ᠪᠠᠶᠢᠬᠤ ᠶᠢ ᠪᠠᠲᠤᠯᠠᠪᠠ᠃《 ᠭᠤᠷᠪᠠᠨ | ᠬᠦᠴᠦᠨ ᠢ ᠨᠢᠭᠡᠳᠬᠡᠬᠦ》ᠣᠶᠤᠨᠴᠢ ᠲᠣᠤᠷᠵᠢᠯ ᠤᠨ ᠠᠵᠢᠯ ᠤᠨ ᠳᠤᠭᠤᠶᠢᠯᠠᠩ ᠳᠤ ᠲᠦᠰᠢᠭᠯᠡᠨ᠂ ᠳᠤᠭᠤᠶᠢᠯᠠᠩ | ᠬᠤᠪᠢᠶᠠᠨ ᠡᠷᠦᠬᠡ ᠳᠤ ᠬᠦᠷᠴᠦ᠂ ᠰᠤᠮᠤᠨ ᠤ ᠬᠠᠷᠢᠶ᠎ᠠ ᠣᠷᠣᠨ ᠤ ᠬᠡᠪᠴᠢᠶᠡᠨ ᠳᠠᠬᠢ ᠪᠣᠶ ᠪᠥᠬᠦᠶ ᠲᠡᠵᠢᠭᠡᠨ | ᠦᠷᠡᠵᠢᠭᠦᠯᠬᠦ ᠡᠷᠦᠬᠡ ᠶᠢ ᠡᠷᠦᠬᠡ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠭᠠᠳᠠᠨ᠎ᠠ ᠠᠴᠠ ᠢᠷᠡᠭᠰᠡᠨ ᠮᠠᠯ | ᠪᠠᠶᠢᠬᠤ ᠡᠰᠡᠬᠦ᠂ ᠮᠠᠯ ᠤᠨᠤᠭ᠎ᠠ ᠶᠢ ᠲᠡᠭᠡᠭᠡᠪᠦᠷᠢᠯᠡᠬᠦ ᠪᠠᠷ ᠮᠡᠳᠡᠭᠦᠯᠵᠦ ᠳᠠᠩᠰᠠᠯᠠᠭᠤᠯᠬᠤ ᠭᠠᠷᠳᠠᠮ ᠨᠢ ᠪᠦᠷᠢᠨ | ᠭᠦᠶᠴᠡᠳ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠰᠢᠯᠭᠠᠵᠤ᠂ ᠮᠠᠯ ᠤᠨ ᠲᠡᠭᠡᠭᠡᠪᠦᠷᠢ ᠶᠢᠨ ᠲᠤᠭ᠎ᠠ | ᠬᠡᠮᠵᠢᠶ᠎ᠡ ᠵᠢᠴᠢ ᠪᠣᠳᠠᠲᠠᠶ ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ ᠶᠢ ᠬᠢᠨᠠᠨ ᠬᠠᠷᠭᠤᠭᠤᠯᠵᠤ ᠂《 ᠭᠠᠳᠠᠭᠰᠢ | ᠭᠠᠷᠭᠠᠬᠤ ᠶᠢ ᠪᠦᠷᠢᠳᠬᠡᠨ ᠳᠠᠩᠰᠠᠯᠠᠭᠤᠯᠵᠤ᠂ ᠬᠢᠨᠠᠯᠲᠠ ᠬᠠᠮᠢᠶᠠᠷᠤᠯᠲᠠ ᠲᠠᠢ ᠪᠠᠶᠢᠯᠭᠠᠬᠤ 》 ᠶᠢ ᠪᠠᠲᠤᠯᠠᠪᠠ᠃ | ᠭᠤᠷᠪᠠ᠂ 《 ᠴᠢᠩᠭ᠎ᠠ 》 ᠪᠣᠯᠤᠨ 《 ᠪᠣᠳᠠᠲᠠᠢ 》 ᠨᠢ ᠬᠠᠷᠢᠯᠴᠠᠨ ᠨᠥᠬᠦᠴᠡᠯᠳᠦᠵᠦ᠂ ᠰᠡᠷᠭᠡᠶᠢᠯᠡᠨ | ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ | 《ᠡᠳᠦᠷ ᠲᠤᠲᠤᠮ ᠤᠨ ᠲᠣᠭᠤᠷᠢᠨ ᠪᠠᠶᠢᠴᠠᠭᠠᠬᠤ + ᠣᠯᠠᠨ ᠲᠦᠮᠡᠨ ᠢᠯᠡᠴᠢᠯᠡᠨ ᠮᠡᠳᠡᠭᠦᠯᠬᠦ 》 ᠶᠢ | ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠸᠢᠴᠠᠲ ᠤᠨ ᠤᠬᠠᠭᠤᠯᠭ᠎ᠠ ᠶᠢᠨ ᠲᠠᠪᠴᠠᠩ᠂ ᠡᠷᠦᠬᠡ | ᠳᠤ ᠣᠷᠣᠵᠤ ᠤᠬᠠᠭᠤᠯᠬᠤ ᠵᠡᠷᠭᠡ ᠬᠡᠯᠪᠡᠷᠢ ᠪᠠᠷ ᠥᠷᠭᠡᠨ ᠣᠯᠠᠨ ᠮᠠᠯᠴᠢᠳ ᠲᠤ ᠬᠠᠮᠢᠶ᠎ᠠ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠵᠤ᠂ ᠤᠬᠠᠭᠤᠯᠭ᠎ᠠ ᠶᠢᠨ ᠠᠵᠢᠯ ᠢ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ | ᠪᠦᠬᠦᠨ ᠳᠤ ᠤᠶᠢᠯᠠᠭᠤᠯᠵᠤ᠂ ᠬᠥᠮᠦᠨ ᠪᠦᠬᠦᠨ ᠢ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠠᠮᠢᠶᠠᠷᠤᠨ | ᠡᠵᠡᠮᠳᠡᠬᠦ ᠠᠵᠢᠯ ᠳᠤ ᠣᠷᠣᠯᠴᠠᠭᠤᠯᠤᠨ᠂ ᠮᠠᠯᠴᠢᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠵᠡᠯᠲᠡ | ᠲᠠᠨᠢᠯᠲᠠ ᠶᠢ ᠨᠢ ᠳᠡᠭᠡᠭᠰᠢᠯᠡᠭᠦᠯᠵᠦ᠂ ᠨᠢᠭᠤᠨ ᠳᠠᠯᠳᠠᠯᠠᠬᠤ᠂ ᠣᠷᠬᠢᠭᠳᠠᠭᠤᠯᠤᠨ ᠮᠡᠳᠡᠭᠦᠯᠬᠦ᠂ ᠲᠠᠰ ᠳᠠᠷᠠᠭᠠᠯᠠᠯ | ᠶᠣᠰᠣᠭᠠᠷ ᠣᠷᠣᠭᠤᠯᠬᠤ ᠥᠬᠡᠶ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ ᠃ ᠡᠭᠦᠨ ᠤ ᠬᠠᠮᠲᠤ᠂ | ᠳᠠᠭᠠᠭᠠᠴᠠ ᠠᠴᠠ ᠬᠡᠲᠦᠷᠡᠭᠰᠡᠨ ᠡᠷᠦᠬᠡ ᠶᠢ ᠤᠬᠠᠭᠤᠯᠵᠤ ᠪᠠᠶᠢᠭᠠᠳ ᠮᠠᠯ ᠪᠡᠯᠴᠢᠭᠡᠷ ᠤᠨ ᠲᠡᠩᠴᠡᠭᠦᠷᠢ ᠶᠢ ᠦᠨᠡᠨᠬᠦ | ᠪᠠᠲᠤᠯᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠳᠦᠭᠡᠨ ᠪᠠᠶᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠃ |