5 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠮᠲᠤᠷᠠᠭᠰᠠᠨ ᠬᠤᠷᠠᠯ ᠤᠨ 2025 ᠣᠨ ᠤ ᠨᠢᠭᠡᠳᠦᠭᠡᠷ ᠤᠳᠠᠭᠠᠨ ᠤ ᠪᠥᠬᠦᠳᠡ ( ᠥᠷᠭᠡᠳᠬᠡᠭᠰᠡᠨ ) | ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ | ᠢ ᠮᠡᠳᠡᠭᠳᠡᠵᠦ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ ᠃ | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠱᠦᠵᠢ ᠪᠦᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ᠂ ᠳᠣᠲᠣᠭᠠᠳᠤ | ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠬᠤᠷᠠᠯ ᠢ ᠡᠷᠬᠢᠯᠡᠪᠡ ᠃ | ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠭᠦᠨᠵᠡᠭᠡᠶ | ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠬᠦ ᠲᠦᠷᠢᠮ ᠢ | ᠶᠡᠭᠡ ᠪᠠᠷ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠡᠯ᠎ᠡ | ᠲᠥᠷᠥᠯ ᠤᠨ ᠵᠥᠷᠢᠴᠡᠯ ᠵᠢᠭᠤᠷᠠᠯᠳᠤᠭᠠᠨ ᠢ ᠡᠷᠲᠡ ᠢᠯᠡᠷᠡᠭᠦᠯᠵᠦ ᠪᠠᠭ᠎ᠠ ᠳᠡᠭᠡᠷ᠎ᠡ ᠨᠢ ᠠᠷᠢᠯᠭᠠᠬᠤ ᠪᠠᠷ ᠴᠢᠷᠮᠠᠶᠢᠬᠤ | ᠬᠡᠷᠡᠭᠲᠡᠶ ᠭᠡᠵᠡᠢ ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ | ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠬᠦᠴᠢᠷ ᠠᠰᠠᠭᠤᠳᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ | ᠰᠢᠶᠳᠪᠦᠷᠢᠯᠡᠭᠦᠯᠦᠭᠰᠡᠨ ᠵᠦᠶᠯᠡᠰ ᠵᠢᠴᠢ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠲᠤ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠭᠰᠠᠨ ᠬᠤᠭᠤᠴᠠᠭᠠᠨ ᠳᠤ | ᠴᠢᠨᠠᠷ ᠰᠠᠶᠢᠲᠠᠶ ᠰᠢᠶᠳᠪᠦᠷᠢᠯᠡᠵᠦ ᠳᠠᠭᠤᠰᠬᠠᠬᠤ ᠶᠢ ᠪᠠᠲᠤᠯᠠᠬᠤ ᠬᠡᠷᠡᠭᠲᠡᠶ ᠭᠡᠵᠡᠢ ᠃ |