ᠠᠯᠲᠠᠨᠬᠢᠯᠢ ᠰᠤᠮᠤ 2025 ᠣᠨ ᠤ ᠡᠷᠦᠬᠡ ᠶᠢᠨ ᠴᠡᠷᠢᠭ ᠢ ᠴᠡᠭᠴᠡᠯᠠᠨ ᠪᠠᠶᠢᠭᠤᠯᠵᠤ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/6
      ᠡᠷᠦᠬᠡ ᠶᠢᠨ ᠴᠡᠷᠢᠭ ᠤᠨ ᠡᠩᠨᠡᠭᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢᠨ ᠲᠦᠷᠭᠡᠨ ᠬᠥᠳᠡᠯᠬᠦ ᠴᠢᠳᠠᠪᠤᠷᠢ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠬᠤ ᠶᠢᠨ ᠲᠥᠯᠥᠭᠡ᠂ 5 ᠰᠠᠷ᠎ᠠ ᠶᠢᠨ 27᠎ ᠤ ᠡᠳᠦᠷ᠂ ᠠᠯᠲᠠᠨᠬᠢᠯᠢ ᠰᠤᠮᠤ 2025 ᠣᠨ ᠤ ᠡᠷᠦᠬᠡ ᠶᠢᠨ ᠴᠡᠷᠢᠭ ᠢ ᠴᠡᠭᠴᠡᠯᠠᠨ ᠪᠠᠶᠢᠭᠤᠯᠵᠤ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠤ ᠶᠢᠨ ᠬᠡᠰᠢᠬᠦᠨ ᠴᠧᠨ ᠽᠠᠢ ᠯᠢᠨ ᠠᠬᠤᠢ ᠲᠠᠯᠠᠪᠠᠢ ᠳᠤ ᠵᠢᠭᠠᠨ ᠵᠢᠯᠣᠭᠤᠳᠪᠠ᠃      ᠬᠢᠨᠠᠨ ᠰᠢᠯᠭᠠᠬᠤ ᠲᠤᠬᠠᠢ ᠶᠢᠨ ᠲᠠᠯᠠᠪᠠᠢ ᠳᠤ᠂ ᠰᠤᠮᠤᠨ ᠤ ᠵᠡᠪᠰᠡᠭᠲᠦ ᠬᠦᠴᠦᠨ ᠤ ᠬᠡᠯᠲᠡᠰ ᠤᠨ ᠲᠠᠷᠤᠭ᠎ᠠ ᠎ ᠠᠴᠠ ᠡᠷᠦᠭᠡ ᠶᠢᠨ ᠴᠡᠷᠢᠭ ᠤᠨ ᠨᠡᠷᠡᠰ ᠤᠨ ᠲᠠᠩᠰᠠ ᠶᠢ ᠦᠨᠳᠦᠰᠦᠯᠡᠨ᠂ ᠡᠷᠦᠭᠡ ᠶᠢᠨ ᠴᠡᠷᠢᠭ ᠤᠨ ᠬᠤᠪᠢ ᠪᠡᠶ᠎ᠡ ᠎ ᠶᠢᠨ ᠮᠡᠳᠡᠭᠡ ᠵᠠᠩᠭᠢ ᠶᠢ ᠬᠠᠷᠭᠤᠭᠤᠯᠵᠤ᠂ ᠵᠡᠪᠰᠡᠭ ᠲᠣᠨᠣᠭᠯᠠᠯ ᠪᠠᠭᠠᠵᠢ ᠬᠡᠷᠡᠭᠰᠡᠯ ᠵᠡᠷᠭᠡ ᠳᠤ ᠪᠠᠶᠢᠴᠠᠭᠠᠯᠲᠠ ᠬᠢᠵᠤ᠂ 2024 ᠣᠨ ᠤ ᠡᠷᠦᠭᠡ ᠶᠢᠨ ᠴᠡᠷᠢᠭ ᠤᠨ ᠠᠵᠢᠯ ᠢ ᠳ᠋ᠦᠩᠨᠡᠵᠦ᠂ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠶᠢᠨ ᠬᠠᠮᠲᠤ 2025 ᠣᠨ ᠤ ᠡᠷᠦᠭᠡ ᠶᠢᠨ ᠴᠡᠷᠢᠭ ᠤᠨ ᠪᠣᠯᠪᠠᠰᠤᠷᠠᠯ ᠤᠨ ᠡᠭᠦᠷᠭᠡ ᠶᠢᠨ ᠲᠤᠬᠠᠢ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠲᠤᠰ ᠤᠲᠠᠭᠠᠨ ᠤ ᠡᠷᠦᠬᠡ ᠶᠢᠨ ᠴᠡᠷᠢᠭ ᠤᠨ ᠴᠡᠭᠴᠡᠯᠠᠨ ᠪᠠᠶᠢᠭᠤᠯᠵᠤ ᠬᠢᠨᠠᠨ ᠰᠢᠯᠭᠠᠬᠤ  ᠎ ᠪᠠᠷ ᠠᠵᠠ ᠲᠣᠬᠢᠶᠠᠯ ᠪᠣᠯᠭᠠᠵᠤ᠂ ᠡᠷᠦᠬᠡ ᠶᠢᠨ ᠴᠡᠷᠢᠭ ᠤᠨ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠤᠨ᠂ ᠪᠣᠯᠪᠠᠰᠤᠷᠠᠯ ᠰᠣᠷᠢᠯᠲᠠ ᠶᠢ ᠭᠦᠨᠵᠡᠭᠡᠶᠢᠷᠡᠭᠦᠯᠵᠦ᠂ ᠡᠷᠦᠬᠡ ᠶᠢᠨ ᠴᠡᠷᠢᠭ ᠤᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠭᠦᠨᠵᠡᠭᠡᠢ ᠠᠭᠤᠰᠤᠯᠴᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠦᠢᠯᠡᠰ ᠪᠣᠯᠣᠨ ᠬᠠᠷᠢᠶ᠎ᠠ ᠣᠷᠣᠨ ᠤ ᠠᠮᠤᠷ ᠲᠣᠭᠲᠠᠭᠤᠨ ᠪᠠᠶᠢᠳᠠᠯ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号